2022 ᠣᠨ ᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠲᠡᠷᠢᠭᠦᠯᠡᠭᠴᠢᠳ ᠤᠨ ᠠᠵᠢᠯ ᠤᠨ ᠬᠤᠷᠠᠯ ᠬᠤᠷᠠᠯᠳᠤᠭᠤᠯᠪᠠ | 3 ᠰᠠᠷ᠎ᠠ ᠶᠢᠨ 2 ᠤᠨ ᠡᠳᠦᠷ᠂ 2022 ᠣᠨ ᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠲᠡᠷᠢᠭᠦᠯᠡᠭᠴᠢᠳ ᠤᠨ ᠠᠵᠢᠯ ᠤᠨ ᠬᠤᠷᠠᠯ ᠬᠤᠷᠠᠯᠳᠤᠭᠤᠯᠪᠠ | ᠬᠤᠷᠠᠯ ᠠᠴᠠ᠂ ᠰᠤᠷᠤᠯᠴᠠᠯᠭ᠎ᠠ ᠪᠠᠨ ᠴᠢᠩᠭᠠᠳᠬᠠᠵᠤ᠂ ᠤᠯᠠᠨ ᠬᠡᠪᠴᠢᠶ᠎ᠡ ᠤᠯᠠᠨ ᠲᠠᠯ᠎ᠠ ᠠᠴᠠ | ᠰᠤᠷᠤᠯᠴᠠᠵᠤ᠂ ᠰᠤᠷᠤᠯᠴᠠᠯᠭ᠎ᠠ ᠪᠠᠷ ᠳᠠᠮᠵᠢᠨ ᠥᠪᠡᠷ ᠤᠨ ᠮᠡᠳᠡᠯᠭᠡ ᠶᠢᠨ ᠲᠦᠪᠰᠢᠨ ᠪᠣᠯᠤᠨ ᠴᠢᠳᠠᠪᠤᠷᠢ ᠶᠢᠨ ᠬᠡᠪ | ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ︔ ᠥᠷᠭᠡᠨ ᠤᠯᠠᠨ ᠡᠮᠡᠭᠲᠡᠶᠢᠴᠦᠳ ᠢ ᠬᠦᠳᠦᠯᠦᠨ ᠳᠠᠭᠠᠭᠤᠯᠬᠤ ᠪᠠ | ᠪᠦᠯᠬᠦᠮᠳᠡᠭᠦᠯᠦᠨ ᠳᠠᠭᠠᠭᠤᠯᠵᠤ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠰᠠᠶᠢᠲᠤᠷ | ᠤᠬᠠᠭᠤᠯᠵᠤ ᠂ ᠡᠯ᠎ᠡ ᠱᠠᠲᠤᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠮᠡᠭᠲᠡᠶᠢᠴᠦᠳ ᠤᠨ ᠬᠤᠯᠪᠣᠭ᠎ᠠ ᠶᠢᠨ ᠡᠮᠡᠭᠲᠡᠶᠢᠴᠦᠳ ᠲᠠᠢ ᠣᠶᠢᠷᠠᠳᠬᠤ ᠳᠠᠪᠠᠭᠤᠯᠢᠭ ᠢ | ᠰᠠᠶᠢᠲᠤᠷ ᠪᠠᠳᠠᠷᠠᠭᠤᠯᠵᠤ᠂ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ︔ ᠰᠠᠶᠢᠨ | ᠬᠥᠭᠦᠷᠭᠡ ᠪᠣᠯᠬᠤ ᠬᠡᠷᠡᠭᠲᠡᠶ᠂ ᠡᠮᠡᠭᠲᠡᠶᠢᠴᠦᠳ ᠤᠨ ᠬᠤᠯᠪᠣᠭ᠎ᠠ ᠪᠣᠯ ᠨᠠᠮ ᠠᠴᠠ ᠡᠮᠡᠭᠲᠡᠶᠢᠴᠦᠳ ᠲᠠᠢ ᠬᠠᠷᠢᠯᠴᠠᠬᠤ | ᠬᠥᠭᠦᠷᠭᠡ ᠮᠥᠨ᠂ ᠥᠷᠭᠡᠨ ᠤᠯᠠᠨ ᠡᠮᠡᠭᠲᠡᠶᠢᠴᠦᠳ ᠤᠨ ᠰᠡᠳᠬᠢᠯ ᠤᠨ ᠲᠠᠭᠤᠨ ᠢᠶᠠᠷ ᠡᠬᠢᠯᠡᠯᠲᠡ ᠪᠣᠯᠭᠠᠵᠤ᠂ | ᠢᠮᠠᠭᠲᠠ ᠡᠮᠡᠭᠲᠡᠶᠢᠴᠦᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠡᠮᠡᠭᠲᠡᠶᠢᠴᠦᠳ ᠤᠯᠠᠨ ᠲᠦᠮᠡᠨ ᠢ ᠢᠯᠡᠭᠦᠦ | ᠬᠠᠯᠠᠮᠵᠢᠯᠠᠵᠤ ᠬᠠᠪᠰᠤᠷᠴᠤ ᠂ ᠡᠮᠡᠭᠲᠡᠶᠢᠴᠦᠳ ᠤᠨ ᠪᠤᠳᠤᠵᠤ ᠪᠠᠶᠢᠭ᠎ᠠ ᠵᠦᠢᠯ ᠢ ᠪᠤᠳᠤᠵᠤ᠂ | ᠡᠮᠡᠭᠲᠡᠶᠢᠴᠦᠳ ᠤᠨ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠡᠮᠡᠭᠲᠡᠶᠢᠴᠦᠳ ᠤᠨ ᠬᠡᠷᠡᠭᠰᠡᠬᠦ ᠵᠦᠢᠯ | ᠳᠤ ᠰᠠᠨᠠᠭ᠎ᠠ ᠲᠠᠯᠪᠢᠬᠤ ᠬᠡᠷᠡᠭᠲᠡᠶ︔ ᠠᠵᠢᠯ ᠢᠶᠠᠨ ᠬᠠᠶᠢᠷᠠᠯᠠᠬᠤ ᠬᠡᠷᠡᠭᠲᠡᠶ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠢ ᠰᠣᠩᠭᠤᠭᠰᠠᠨ ᠶᠤᠮ ᠴᠢᠨᠢ ᠡᠨᠡ ᠠᠵᠢᠯ ᠢᠶᠠᠨ ᠬᠠᠶᠢᠷᠠᠯᠠᠵᠤ᠂ | ᠥᠪᠡᠷ ᠤᠨ ᠠᠵᠢᠯ ᠳᠠᠭᠠᠨ ᠬᠠᠷᠢᠭᠤᠴᠠᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠬᠥᠭᠵᠢᠯᠲᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠃ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ᠂ ᠠᠷᠠᠳ ᠢ ᠪᠠᠶᠠᠵᠢᠭᠤᠯᠤᠨ ᠲᠤᠭ ᠢᠶᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ᠂ ᠪᠣᠬᠢᠷᠲᠤᠯ ᠦᠭᠡᠶ | ᠳᠠᠪᠠᠯᠲᠠ ᠲᠠᠢ ᠪᠠᠷ ᠬᠥᠭᠵᠢᠬᠦ ᠶᠢ ᠲᠦᠷᠭᠡᠳᠬᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠮᠥᠨ᠂ ᠡᠮᠡᠭᠲᠡᠶᠢᠴᠦᠳ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠨᠠᠮ ᠪᠠ ᠵᠠᠰᠠᠭ ᠤᠨ ᠣᠷᠳᠣᠨ ᠤ ᠡᠮᠡᠭᠲᠡᠶ ᠣᠯᠠᠨ ᠲᠦᠮᠡᠨ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠰᠢᠨᠵᠢ ᠴᠢᠨᠠᠷ ᠢ ᠪᠠᠲᠤ | ᠡᠵᠡᠮᠳᠡᠵᠦ᠂ ᠭᠤᠣᠯ ᠠᠵᠢᠯ ᠤᠨ ᠲᠣᠭᠤᠷᠢᠨ ᠳᠤ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠬᠤ ᠪᠠᠷ | ᠭᠤᠣᠯ ᠪᠣᠯᠭᠠᠵᠤ᠂ ᠭᠡᠷ ᠪᠦᠯᠢ ᠶᠢᠨ ᠬᠥᠮᠦᠵᠢᠯ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ᠂ ᠤᠷᠠᠨ | ᠠᠷᠭ᠎ᠠ ᠪᠠᠷ ᠦᠢᠯᠡᠰ ᠪᠤᠰᠬᠠᠬᠤ ᠪᠠᠷ ᠠᠵᠢᠯ ᠤᠨ ᠬᠦᠴᠦᠯᠡᠴᠡ ᠪᠠᠨ ᠪᠣᠯᠭᠠᠵᠤ᠂ ᠢᠲᠡᠭᠡᠯ ᠪᠢᠰᠢᠷᠡᠯ ᠢᠶᠠᠷ | ᠵᠠᠮᠴᠢᠯᠠᠬᠤ ᠶᠢ ᠪᠠᠷᠢᠮᠲᠠᠯᠠᠵᠤ᠂ ᠴᠠᠭ ᠦᠶ᠎ᠡ ᠶᠢᠨ ᠬᠦᠴᠦᠨ ᠢ ᠬᠥᠭᠵᠢᠭᠡᠵᠦ᠂ ᠴᠠᠭᠠᠷᠠᠭᠰᠠᠨ ᠴᠢᠳᠠᠪᠤᠷᠢ ᠶᠢ | ᠪᠣᠯᠪᠠᠰᠤᠷᠠᠭᠤᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠳᠤ ᠡᠮᠡᠭᠲᠡᠶᠢᠴᠦᠳ ᠤᠨ | ᠬᠦᠴᠦᠨ ᠢ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ ᠶᠢᠨ | ᠲᠡᠷᠢᠭᠦᠯᠡᠭᠴᠢ 2021 ᠣᠨ ᠤ ᠭᠤᠣᠯᠳᠠᠯᠭ᠎ᠠ ᠲᠠᠢ ᠠᠵᠢᠯ ᠪᠣᠯᠤᠨ 2022 ᠣᠨ ᠤ ᠠᠵᠢᠯ ᠤᠨ | ᠲᠤᠬᠢᠷᠠᠭᠤᠯᠤᠯᠳᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ︔ ᠬᠤᠰᠢᠭᠤᠨ ᠤ ᠡᠮᠡᠭᠲᠡᠶᠢᠴᠦᠳ ᠤᠨ | ᠬᠤᠯᠪᠣᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ 2022 ᠣᠨ ᠤ ᠭᠤᠤᠯᠳᠠᠯᠭ᠎ᠠ ᠲᠠᠢ ᠠᠵᠢᠯ ᠳᠤ | ᠪᠠᠶᠢᠷᠢᠯᠠᠭᠤᠯᠤᠯᠲᠠ ᠬᠢᠵᠡᠶ᠃ | | | |