ᠬᠣᠰᠢᠭᠤᠨ ᠳᠠᠷᠤᠭ᠎ᠠ ᠵᠣᠣ ᠶᠠᠨ ᠬᠣᠩ ᠠᠮᠢ ᠠᠬᠤᠶ ᠶᠢᠨ ᠣᠷᠴᠢᠨ ᠲᠣᠭᠣᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/3
  ᠬᠣᠰᠢᠭᠤᠨ ᠳᠠᠷᠤᠭ᠎ᠠ ᠵᠣᠣ ᠶᠠᠨ ᠬᠣᠩ ᠠᠮᠢ ᠠᠬᠤᠶ ᠶᠢᠨ ᠣᠷᠴᠢᠨ ᠲᠣᠭᠣᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ  2 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ ᠬᠤᠷᠠᠯ ᠳᠤ ᠣᠷᠣᠯᠴᠠᠪᠠ᠃  ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠥᠪ ᠴᠢᠩᠭ᠎ᠠ ᠴᠢᠨᠠᠷ ᠢ ᠭᠦᠨᠵᠡᠭᠡᠶ ᠲᠠᠨᠢᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠨ ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠴᠣᠬᠤᠶ ᠶᠢᠨ ᠴᠢᠯᠠᠭᠤ ᠶᠢᠨ ᠠᠭᠤᠷᠬᠠᠶ ᠶᠢ ᠶᠡᠷᠦᠩᠬᠡᠶᠢᠯᠡᠨ ᠵᠠᠰᠠᠬᠤ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠬᠤᠰᠢᠭᠤᠨ ᠤ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ ᠪᠠᠲᠤᠯᠠᠨ᠎ᠠ᠃  ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠤᠭᠲᠤᠬᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠡᠯ᠎ᠡ ᠠᠭᠤᠷᠬᠠᠶ ᠶᠢᠨ ᠠᠵᠤ ᠠᠬᠤᠶᠢᠯᠠᠯ ᠨᠢ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ᠬᠡᠨ ᠡᠪᠳᠡᠪᠡᠯ ᠬᠡᠨ ᠵᠠᠰᠠᠬᠤ︾ ᠵᠠᠷᠴᠢᠮ ᠶᠣᠰᠣᠭᠠᠷ᠂ ᠰᠡᠷᠭᠦᠭᠡᠨ ᠵᠠᠰᠠᠬᠤ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ︔ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠲᠡᠢ ᠠᠬᠢᠭᠤᠯᠬᠤ ᠬᠡᠷᠡᠭᠲᠡᠢ᠃  ᠬᠤᠷᠠᠯ ᠠᠴᠠ ᠴᠤᠬᠤᠢ ᠶᠢᠨ ᠴᠢᠯᠠᠭᠤ ᠶᠢᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ᠂ ᠴᠤᠬᠤᠢ ᠶᠢᠨ ᠴᠢᠯᠠᠭᠤ ᠶᠢᠨ ᠡᠬᠢ ᠪᠠᠶᠠᠯᠢᠭ ᠢ ᠨᠡᠶᠢᠳᠬᠡᠬᠦ᠂ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠵᠥᠪᠯᠡᠨ ᠲᠣᠭᠲᠠᠭᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号