ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠬᠢᠨᠠᠨ ᠪᠠᠶᠢᠴᠠᠭᠠᠬᠤ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/3
  ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠬᠢᠨᠠᠨ ᠪᠠᠶᠢᠴᠠᠭᠠᠬᠤ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ  2 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠶ᠋ᠯ ᠢ ᠬᠢᠨᠠᠨ ᠪᠠᠶᠢᠴᠠᠭᠠᠬᠤ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ᠂ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃  ᠹᠠᠩ ᠷᠦᠢ ᠵᠢᠭᠠᠵᠤ ᠭᠠᠷᠭᠠᠭᠰᠠᠨ ᠨᠢ᠂ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠪᠣᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠵᠢᠷᠭᠤᠭᠠᠨ ᠭᠤᠤᠯ ᠦᠵᠡᠮᠵᠢ ᠶᠢᠨ ᠣᠷᠣᠨ ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠣᠷᠣᠨ ᠪᠠᠶᠢᠷᠢ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠤᠳᠤᠯᠤᠨ ᠰᠤᠷᠤᠯᠴᠠᠬᠤ᠂ ᠬᠥᠳᠡᠭᠡ ᠲᠣᠰᠬᠤᠨ ᠤ ᠵᠢᠭᠤᠯᠴᠢᠯᠠᠯ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ᠂ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠤᠯᠠᠭᠠᠨᠬᠠᠳᠠ ᠬᠤᠲᠠ ᠶᠢᠨ ᠣᠶᠢᠷ᠎ᠠ ᠲᠡᠭᠦᠷᠭᠡ ᠶᠢᠨ ᠰᠡᠯᠡᠭᠦᠴᠡᠯ ᠵᠢᠭᠤᠯᠴᠢᠯᠠᠯ ᠤᠨ ᠥᠯᠢᠭᠡᠷ ᠵᠢᠱᠢᠶ᠎ᠡ ᠪᠣᠯᠭᠠᠬᠤ ᠪᠠᠷ ᠴᠢᠷᠮᠠᠶᠢᠬᠤ ᠬᠡᠷᠡᠭᠲᠡᠶ᠃  ᠹᠠᠩ ᠷᠦᠢ ᠴᠢᠬᠤᠯᠠᠴᠢᠯᠠᠬᠤ ᠳᠠᠭᠠᠨ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠬᠤ᠂ ᠠᠷᠠᠳ ᠤᠨ ᠣᠷᠣᠨ ᠰᠠᠭᠤᠴᠠ ᠶᠢᠨ ᠰᠦᠷᠦᠭᠵᠢᠯ ᠤᠨ ᠪᠥᠲᠥᠭᠡᠨ ᠪᠠᠶᠢᠭᠤᠯᠤᠯᠲᠠ᠂ ᠰᠣᠶᠣᠯ ᠦᠵᠡᠰᠬᠦᠯᠡᠩ ᠤᠨ ᠲᠤᠰᠬᠠᠶ ᠣᠷᠣᠨ ᠤ ᠪᠠᠶᠢᠷᠢᠰᠢᠭᠤᠯᠤᠯᠲᠠ᠂ ᠲᠠᠷᠢᠶᠠᠯᠠᠩ ᠤᠨ ᠪᠣᠯᠪᠠᠰᠤᠨ ᠤ ᠣᠶᠢᠯᠠᠭᠠᠯᠲᠠ ᠵᠡᠷᠭᠡ ᠣᠯᠠᠨ ᠲᠠᠯ᠎ᠠ ᠪᠠᠷ ᠭᠦᠢᠴᠡᠳ ᠠᠵᠢᠯ ᠬᠢᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠲᠥᠷᠥᠯ ᠵᠦᠢᠯ ᠤᠨ ᠵᠥᠭᠡᠯᠡᠨ ᠬᠠᠲᠠᠭᠤ ᠬᠡᠷᠡᠭᠰᠡᠯ ᠤᠨ ᠶᠡᠷᠦᠩᠬᠡᠶᠢᠯᠡᠭᠰᠡᠨ ᠴᠢᠳᠠᠮᠵᠢ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥᠯ ᠵᠦᠢᠯ ᠤᠨ ᠠᠯᠳᠠᠷᠰᠢᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃  ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠪᠣᠯᠤᠨ ᠲᠦᠷᠦᠯ ᠵᠦᠢᠯ ᠳᠤ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠲᠦᠷᠦᠯ ᠵᠦᠢᠯ ᠳᠤ ᠭᠠᠵᠠᠷ ᠬᠡᠷᠡᠭᠯᠡᠬᠦ ᠠᠰᠠᠭᠤᠳᠠᠯ ᠢ ᠬᠠᠤᠯᠢ ᠲᠣᠭᠲᠠᠭᠠᠯ ᠳᠤ ᠨᠡᠶᠢᠴᠡᠭᠦᠯᠦᠨ ᠰᠢᠢᠳᠪᠦᠷᠢᠯᠡᠵᠦ᠂ ᠬᠥᠳᠡᠭᠡ ᠠᠵᠤ ᠠᠬᠤᠢ᠂ ᠤᠢ ᠰᠢᠭᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠬᠠᠷᠠᠭᠠᠯᠵᠠᠯ ᠤᠨ ᠲᠡᠳᠬᠦᠬᠦ ᠲᠦᠷᠦ ᠶᠢᠨ ᠪᠤᠳᠤᠯᠭ᠎ᠠ ᠶᠢ ᠭᠦᠢᠴᠡᠳ ᠠᠭᠤᠳᠠᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠦᠷᠦᠯ ᠵᠦᠢᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠲᠦᠷᠭᠡᠳᠬᠡᠵᠦ᠂ ᠬᠦᠴᠦᠨ ᠢᠶᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠡᠷᠲᠡ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃  ᠬᠤᠷᠠᠯ ᠳᠡᠭᠡᠷ᠎ᠡ᠂ ᠢᠦᠢ ᠯᠦᠩ ᠴᠤᠸᠠᠨ ᠤ ᠬᠥᠳᠡᠭᠡ ᠲᠣᠰᠬᠤᠨ ᠤ ᠶᠡᠷᠦᠩᠬᠡᠢ ᠴᠣᠭᠴᠠ ᠶᠢᠨ ᠬᠠᠷᠢᠭᠤᠴᠠᠯᠭᠠᠲᠠᠨ ᠯᠢ ᠪᠦᠦ ᠬᠤ᠋ ᠢᠦᠢ ᠯᠦᠩ ᠴᠤᠸᠠᠨ ᠤ ᠬᠥᠳᠡᠭᠡ ᠲᠣᠰᠬᠤᠨ ᠤ ᠶᠡᠷᠦᠩᠬᠡᠢ ᠴᠣᠭᠴᠠ ᠶᠢᠨ ᠪᠦᠳᠦᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠪᠣᠯᠤᠨ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠶᠢᠨ ᠲᠤᠬᠠᠢ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃ ᠬᠤᠷᠠᠯ ᠳᠤ ᠣᠷᠣᠯᠴᠠᠭᠰᠠᠳ ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠵᠦ᠂ ᠢᠳᠡᠪᠬᠢᠲᠡᠢ ᠪᠠᠷ ᠰᠤᠳᠤᠯᠤᠨ ᠶᠠᠷᠢᠯᠴᠠᠵᠤ᠂ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠢ ᠴᠣᠭᠴᠠ ᠶᠢᠨ ᠲᠦᠷᠦᠯ ᠵᠦᠢᠯ ᠤᠨ ᠲᠥᠯᠥᠪᠵᠢᠭᠦᠯᠭᠡ ᠳᠤ ᠰᠠᠨᠠᠯ ᠰᠠᠨᠠᠭᠤᠯᠭ᠎ᠠ ᠳᠤᠷᠠᠳᠴᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号