ᠬᠠᠷᠠᠴᠢᠨ ᠬᠤᠰᠢᠭᠤ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠪᠠᠲᠤᠯᠠᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2022/3/3
  ᠬᠠᠷᠠᠴᠢᠨ ᠬᠤᠰᠢᠭᠤ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠪᠠᠲᠤᠯᠠᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ  3 ᠰᠠᠷ᠎ᠠ ᠶᠢᠨ 2 ᠤᠨ ᠡᠳᠦᠷ᠂ ᠬᠠᠷᠠᠴᠢᠨ ᠬᠤᠰᠢᠭᠤ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠪᠠᠲᠤᠯᠠᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃  ᠰᠤᠷᠪᠤᠯᠵᠢᠯᠠᠭᠴᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 2022 ᠣᠨ ᠤ 2 ᠰᠠᠷ᠎ᠠ ᠶᠢᠨ 16 ᠤ ᠡᠳᠦᠷ ᠠᠴᠠ ᠡᠬᠢᠯᠡᠨ 3 ᠰᠠᠷ᠎ᠠ ᠶᠢᠨ 31 ᠤ ᠡᠳᠦᠷ ᠳᠠᠭᠤᠰᠤᠨ᠎ᠠ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ᠂ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠬᠦ ᠭᠤᠷᠪᠠᠨ ᠱᠠᠲᠤ ᠬᠤᠪᠢᠶᠠᠵᠤ ᠪᠣᠯᠤᠨ᠎ᠠ᠃ ᠲᠡᠭᠦᠨ ᠤ ᠭᠤᠣᠯ ᠵᠣᠷᠢᠯᠭ᠎ᠠ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠤᠬᠠᠮᠰᠠᠷ᠂ ᠬᠠᠤᠯᠢᠵᠢᠯ ᠤᠨ ᠤᠬᠠᠮᠰᠠᠷ᠂ ᠵᠣᠷᠢᠯᠲᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠶᠢ ᠰᠠᠶᠢᠲᠤᠷ ᠬᠢᠬᠦ ᠬᠡᠷᠡᠭᠲᠡᠢ︔ ᠨᠢᠭᠡ ᠪᠦᠯᠦᠭ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠦᠨᠡᠨ ᠬᠦ ᠬᠡᠷᠡᠭᠵᠢᠭᠦᠯᠵᠦ᠂ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ ᠂ ᠨᠢᠭᠡ ᠪᠦᠯᠦᠭ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃  ᠬᠠᠷᠠᠴᠢᠨ ᠬᠤᠰᠢᠭᠤᠨ ᠤ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠪᠠᠲᠤᠯᠠᠨ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠬᠢᠨ ᠲᠥᠪ ᠴᠢᠩᠭ᠎ᠠ ᠪᠠᠷ ᠠᠮᠠᠯᠠᠭᠰᠠᠨ ᠨᠢ᠄ ᠬᠠᠷᠠᠴᠢᠨ ᠬᠤᠰᠢᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠬᠠᠷᠠᠴᠢᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠭᠤᠨ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠣᠯᠠᠨ᠂ ᠠᠵᠤ ᠠᠬᠤᠶᠢᠯᠠᠯ ᠤᠨ ᠬᠠᠮᠤᠭ ᠠᠴᠠ ᠬᠦᠰᠡᠨ ᠡᠷᠡᠮᠡᠯᠵᠡᠵᠦ ᠪᠠᠶᠢᠭ᠎ᠠ ᠤᠴᠢᠷ ᠶᠠᠪᠤᠳᠠᠯ ᠠᠴᠠ ᠡᠬᠢᠯᠡᠨ ᠬᠢᠵᠦ᠂ ᠬᠠᠤᠯᠢ ᠪᠠᠷ ᠵᠠᠰᠠᠬᠤ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠬᠥᠲᠥᠯᠥᠨ ᠳᠠᠭᠠᠭᠤᠯᠬᠤ᠂ ᠵᠢᠷᠤᠮᠵᠢᠭᠤᠯᠬᠤ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠬᠡ ᠲᠡᠭᠰᠢ᠂ ᠬᠢᠨᠠᠭᠤᠷ ᠪᠣᠯᠭᠤᠮᠵᠢᠲᠠᠶ᠂ ᠳᠠᠷᠤᠤ ᠬᠢᠴᠢᠶᠡᠩᠭᠦᠶ᠂ ᠰᠠᠶᠢᠨ ᠰᠠᠨᠠᠭ᠎ᠠ ᠲᠠᠢ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠬᠡᠷᠡᠭ ᠪᠣᠯᠭᠠᠨ ᠤ ᠪᠦᠬᠦ ᠶᠠᠪᠤᠴᠠ ᠳᠤ ᠲᠤᠤᠱᠯᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢᠭᠡᠪᠦᠷᠢ ᠳᠤ ᠲᠥᠪ ᠭᠤᠤᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠵᠦ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠲᠣᠭᠲᠠᠭᠤᠨ ᠢᠶᠠᠷ ᠨᠡᠮᠡᠭᠳᠡᠭᠦᠯᠬᠦ᠂ ᠬᠥᠭᠵᠢᠯᠲᠡ ᠶᠢ ᠬᠠᠮᠠᠭᠠᠯᠠᠬᠤ ᠳᠤ ᠢᠳᠡᠪᠬᠢ ᠬᠦᠴᠦᠨ ᠨᠡᠮᠡᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号