ᠬᠤᠲᠠ ᠶᠢᠨ ᠢᠳᠡᠰᠢᠨ ᠨᠣᠭᠤᠭ᠎ᠠ᠂ ᠠᠮᠤ ᠪᠤᠳᠠᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠠᠵᠤ | ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ ᠠᠵᠢᠯ ᠤᠨ | ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ | 3 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠲᠠ ᠶᠢᠨ ᠢᠳᠡᠰᠢᠨ ᠨᠣᠭᠤᠭ᠎ᠠ᠂ ᠠᠮᠤ ᠪᠤᠳᠠᠭ᠎ᠠ ᠵᠡᠷᠭᠡ ᠲᠠᠷᠢᠶᠠᠯᠠᠩ ᠤᠨ | ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠴᠢᠦ ᠸᠧᠨ ᠪᠥᠸᠧ ᠨᠡᠷ ᠮᠠᠨ ᠤ | ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠩ | ᠸᠧᠨ ᠳ᠋ᠦᠩ᠂ ᠳᠡᠳ᠋ ᠬᠤᠷᠰᠢᠭᠤᠨ ᠳᠠᠷᠤᠭ᠎ᠠ ᠪᠢᠴᠢᠭᠲᠦ ᠪᠠᠷ᠎ᠠ ᠪᠣᠯᠪᠠ᠃ | ᠪᠦᠬᠦ ᠬᠤᠳᠠ ᠶᠢᠨ ᠢᠳᠡᠰᠢᠨ ᠨᠣᠭᠤᠭ᠎ᠠ᠂ ᠠᠮᠤ ᠪᠤᠳᠠᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠠᠵᠤ | ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ | ᠠᠵᠢᠯ ᠤᠨ ᠳᠤᠭᠤᠶᠢᠯᠠᠩ ᠤᠷᠢᠳ ᠬᠤᠵᠢᠳ ᠪᠡᠭᠡᠵᠢᠩ ᠤᠨ ᠱᠤᠸᠠᠩ ᠲᠦᠩ ᠬᠤᠢ ᠾᠧ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠵᠢᠨᠱᠠᠨ ᠪᠠᠯᠭᠠᠰᠤ ᠶᠢᠨ ᠹᠧᠩ ᠵᠢᠶᠤᠤ | ᠶᠤᠸᠠᠨ ᠲᠠᠷᠢᠶᠠᠯᠠᠩ ᠤᠨ ᠲᠤᠰᠬᠠᠢ ᠬᠤᠷᠰᠢᠶ᠎ᠠ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠤᠳᠤ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠤ ᠬᠦᠢᠳᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠦᠷᠦᠯ ᠵᠦᠢᠯ ᠤᠨ ᠲᠣᠭᠤᠷᠢᠭ ᠲᠤ ᠬᠦᠷᠴᠡᠢ᠃ ᠠᠵᠤ | ᠦᠢᠯᠡᠰ ᠤᠨ ᠬᠡᠪᠴᠢᠶ᠎ᠡ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠮᠡᠷᠭᠡᠵᠢᠯ ᠤᠨ | ᠲᠤᠯᠭᠠᠭᠤᠷᠢᠯᠠᠯ᠂ ᠦᠢᠯᠡᠳᠬᠦᠨ ᠤ ᠪᠣᠷᠣᠯᠠᠭᠤᠯᠭ᠎ᠠ ᠪᠠ ᠬᠠᠮᠢᠶᠠᠷᠤᠯᠲᠠ ᠡᠵᠡᠩᠨᠡᠯᠲᠡ ᠵᠡᠷᠭᠡ | ᠪᠠᠶᠢᠳᠠᠯ ᠢ ᠨᠠᠷᠢᠨ ᠦᠢᠯᠭᠠᠪᠠ ᠃ | ᠰᠠᠭᠤᠳᠠᠯ ᠤᠨ ᠬᠤᠷᠠᠯ ᠳᠡᠭᠡᠷ᠎ᠡ᠂ ᠠᠵᠢᠯ ᠤᠨ ᠳᠤᠭᠤᠶᠢᠯᠠᠩ ᠤᠨ ᠬᠢᠨ ᠮᠠᠨ ᠤ | ᠬᠤᠰᠢᠭᠤᠨ ᠤ ᠢᠳᠡᠰᠢᠨ ᠨᠣᠭᠤᠭ᠎ᠠ᠂ ᠠᠮᠤ ᠪᠤᠳᠠᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠴᠢᠦ ᠸᠧᠨ ᠪᠥᠸᠧ ᠮᠠᠨ ᠤ ᠬᠤᠰᠢᠭᠤᠨ ᠤ ᠢᠳᠡᠰᠢᠨ | ᠨᠣᠭᠤᠭ᠎ᠠ᠂ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠭᠦᠢᠴᠡᠳ | ᠨᠤᠲᠠᠯᠠᠵᠤ᠂ ᠮᠠᠨ ᠤ ᠬᠤᠰᠢᠭᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠳᠬᠢᠴᠡ ᠲᠣᠳᠣᠷᠬᠠᠶ᠂ | ᠠᠷᠭ᠎ᠠ ᠬᠡᠮᠵᠢᠶ᠎ᠡ ᠬᠦᠴᠦᠲᠡᠶ ᠪᠠᠶᠢᠨ᠎ᠠ ᠭᠡᠵᠦ ᠦᠵᠡᠪᠡ᠃ | ᠴᠢᠦ ᠸᠧᠨ ᠪᠥᠸᠧ ᠵᠢᠭᠠᠵᠤ ᠭᠠᠷᠭᠠᠭᠰᠠᠨ ᠨᠢ ᠂ ᠠᠵᠤ ᠦᠢᠯᠡᠰ ᠤᠨ | ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ | ᠲᠠᠨᠢᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠣᠯ ᠨᠢᠭᠡᠨ ᠲᠦᠢᠯ ᠤᠨ ᠴᠢᠬᠤᠯᠠ ᠠᠵᠢᠯ ᠪᠣᠯᠤᠨ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠭᠤᠣᠯᠳᠠᠯᠭ᠎ᠠ ᠪᠣᠯ ᠳᠠᠷᠤᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ | ᠶᠠᠪᠤᠳᠠᠯ ᠪᠣᠯᠤᠨ᠎ᠠ᠃ ᠬᠠᠷᠠᠴᠢᠨ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠢᠵᠤ᠂ | ᠠᠵᠠ ᠲᠣᠬᠢᠶᠠᠯ ᠢ ᠠᠮᠵᠢᠵᠤ᠂ ᠪᠡᠭᠡᠵᠢᠩ᠂ ᠤᠯᠠᠭᠠᠨᠬᠠᠳᠠ ᠬᠤᠲᠠ ᠶᠢᠨ ᠲᠣᠭᠤᠷᠢᠭ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠰᠠᠶᠢᠲᠤᠷ ᠠᠰᠢᠭᠯᠠᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ | ᠰᠡᠳᠬᠢᠴᠡ ᠪᠠᠷ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠬᠡᠷᠡᠭᠲᠡᠶ ᠃ | ᠠᠵᠤ ᠦᠢᠯᠡᠰ ᠤᠨ ᠲᠠᠪᠴᠠᠩ ᠤᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢᠨ | ᠠᠷᠠᠯᠵᠢᠶᠠᠴᠢᠨ ᠤᠷᠢᠬᠤ᠂ ᠲᠦᠷᠦᠯ ᠲᠡᠮᠳᠡᠭ ᠤᠨ ᠰᠢᠰᠲᠧᠮ ᠢ ᠲᠡᠭᠦᠯᠳᠡᠷᠵᠢᠭᠦᠯᠬᠦ ᠵᠡᠷᠭᠡ ᠠᠵᠢᠯ ᠢ ᠴᠢᠬᠤᠯᠠᠴᠢᠯᠠᠵᠤ᠂ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠥᠪᠯᠡᠷᠡᠩᠭᠦᠢ ᠲᠥᠪᠯᠡᠷᠡᠭᠰᠡᠨ | ᠡᠷᠴᠢᠮᠯᠢᠭ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ | ᠦᠭᠡᠢ ᠤᠷᠲᠤᠳᠬᠠᠵᠤ᠂ ᠦᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠠᠰᠢᠭ ᠲᠤᠰᠠ ᠶᠢᠨ | ᠬᠡᠯᠬᠢᠶ᠎ᠡ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠢᠭᠦᠨ ᠤ | ᠲᠠᠷᠢᠶᠠᠯᠠᠩ ᠤᠨ ᠪᠦᠯᠦᠭᠯᠡᠯ ᠯᠦᠭᠡ ᠶᠢᠨ ᠭᠦᠨᠵᠡᠭᠡᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠤᠣᠯᠯᠠᠭᠴᠢ ᠠᠵᠤ | ᠦᠢᠯᠡᠰ᠂ ᠲᠠᠭᠠᠭᠤᠯᠤᠭᠴᠢ ᠠᠵᠤ ᠠᠬᠤᠶᠢᠯᠠᠯ ᠢ ᠦᠷᠭᠦᠯᠵᠢᠯᠡᠨ ᠪᠤᠶᠢᠵᠢᠭᠤᠯᠵᠤ᠂ ᠠᠵᠤ ᠦᠢᠯᠡᠰᠵᠢᠭᠦᠯᠬᠦ᠂ ᠲᠦᠷᠦᠯ | ᠳᠡᠮᠳᠡᠭᠵᠢᠭᠦᠯᠬᠦ᠂ ᠳᠡᠭᠡᠳᠦ ᠲᠡᠰ ᠤᠨ ᠪᠣᠯᠭᠠᠬᠤ ᠵᠠᠮ ᠢᠶᠠᠷ ᠵᠠᠮᠨᠠᠵᠤ᠂ ᠤᠳᠤ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠰᠣᠶᠣᠯ ᠵᠤᠭᠠᠴᠠᠯ᠂ ᠡᠷᠡᠭᠦᠯ ᠬᠠᠮᠠᠭᠠᠯᠠᠯ ᠨᠠᠰᠤᠵᠢᠯ ᠤᠨ | ᠠᠰᠠᠷᠠᠮᠵᠢ ᠵᠡᠷᠭᠡ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ | |