ᠬᠤᠰᠢᠭᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠄ ᠬᠦᠴᠢᠷᠳᠡᠯ ᠲᠠᠢ | ᠬᠠᠮᠲᠤᠯᠢᠭ ᠪᠠ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠦᠢᠯᠡᠰ ᠴᠣᠭᠴᠠᠯᠠᠬᠤ ᠶᠢ ᠪᠥᠬᠦ | ᠲᠠᠯ᠎ᠠ ᠪᠠᠷ ᠠᠬᠢᠭᠤᠯᠤᠨ᠎ᠠ | ᠨᠢᠳᠤᠨᠤᠨ ᠠᠴᠠ ᠨᠠᠰᠢ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠨᠠᠩ ᠢᠳᠡᠪᠬᠢᠲᠡᠶ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯ | ᠣᠯᠭᠤᠯᠲᠠ ᠶᠢᠨ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠶᠠᠳᠠᠭᠤ ᠬᠦᠴᠢᠷᠳᠡᠯᠲᠡᠶ ᠬᠠᠮᠲᠤᠯᠢᠭ ᠪᠠ | ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠦᠢᠯᠡᠰ ᠴᠣᠭᠴᠠᠯᠠᠬᠤ ᠶᠢ ᠬᠦᠴᠦᠲᠡᠶ ᠠᠬᠢᠭᠤᠯᠵᠤ᠂ | ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠳᠠᠬᠢᠨ ᠠᠵᠢᠯ ᠤᠯᠬᠤ ᠶᠢ 1480 ᠬᠦᠮᠦᠨ | ᠤᠳᠠᠭ᠎ᠠ ᠪᠡᠶᠡᠯᠡᠭᠦᠯᠵᠦ᠂ ᠠᠵᠢᠯ ᠤᠯᠬᠤ ᠳᠤ ᠬᠦᠴᠢᠷᠲᠡᠶ 580 ᠬᠥᠮᠦᠨ ᠳᠤ ᠳᠠᠬᠢᠨ ᠠᠵᠢᠯ | ᠣᠯᠭᠤᠬᠤ ᠶᠢ ᠬᠠᠪᠰᠤᠷᠴᠠᠶ᠃ | ᠠᠵᠢᠯ ᠣᠯᠭᠤᠯᠲᠠ ᠶᠢᠨ ᠨᠥᠬᠦᠪᠥᠷᠢ ᠶᠢ ᠨᠠᠶᠢᠳᠠᠪᠤᠷᠢᠵᠢᠭᠤᠯᠵᠤ ᠠᠵᠢᠯ ᠤᠯᠬᠤ ᠳᠤ ᠬᠦᠴᠢᠷᠲᠡᠶ ᠬᠥᠮᠦᠰ᠂ | ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ᠂ | ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠳᠡᠯᠮᠦᠷᠢ | ᠬᠦᠴᠦᠨ ᠵᠡᠷᠭᠡ ᠬᠠᠮᠲᠤᠯᠢᠭ ᠢᠶᠠᠷ ᠭᠤᠣᠯᠳᠠᠯᠭ᠎ᠠ ᠪᠣᠯᠭᠠᠨ᠂ ᠠᠵᠢᠯ ᠣᠯᠭᠤᠯᠲᠠ ᠶᠢ ᠲᠤᠰᠠᠯᠠᠬᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠬᠡᠯᠪᠡᠷᠢ ᠪᠠᠷ ᠠᠵᠢᠯ ᠤᠯᠬᠤ ᠶᠢ ᠬᠥᠲᠥᠯᠥᠨ ᠵᠢᠯᠣᠭᠤᠳᠤᠨ᠎ᠠ᠃ ᠪᠥᠬᠦ | ᠬᠤᠰᠢᠭᠤᠨ ᠤ 845 ᠬᠥᠮᠦᠨ ᠳᠤ ᠠᠮᠢᠳᠤᠯᠢᠭ ᠠᠵᠢᠯ ᠣᠯᠭᠤᠯᠲᠠ ᠶᠢᠨ ᠨᠡᠶᠢᠭᠡᠮ ᠤᠨ ᠳᠠᠭᠠᠳᠬᠠᠯ ᠤᠨ ᠨᠥᠬᠦᠪᠥᠷᠢ | 365 ᠲᠦᠮᠡᠨ ᠲᠥᠭᠦᠷᠢᠭ ᠣᠯᠭᠤᠵᠤ᠂ 102 ᠬᠥᠮᠦᠨ ᠳᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ 85. | 66 ᠲᠦᠮᠡᠨ ᠲᠥᠭᠦᠷᠢᠭ ᠣᠯᠭᠤᠵᠤ᠂ 28 ᠬᠥᠮᠦᠨ ᠳᠤ ᠭᠡᠷᠡᠲᠦ ᠲᠠᠷᠢᠶᠠᠴᠢᠨ ᠠᠵᠢᠯᠴᠢᠨ ᠤ ᠨᠢᠭᠡ ᠤᠳᠠᠭ᠎ᠠ ᠶᠢᠨ | ᠴᠢᠨᠠᠷᠲᠠᠶ ᠠᠮᠢᠳᠤᠷᠠᠯ ᠤᠨ ᠨᠥᠬᠦᠪᠥᠷᠢ 36.73 ᠲᠦᠮᠡᠨ ᠲᠥᠭᠦᠷᠢᠭ ᠣᠯᠭᠤᠵᠤ᠂ 164 ᠬᠥᠮᠦᠨ ᠳᠤ ᠠᠵᠢᠯ | ᠠᠯᠳᠠᠯᠲᠠ ᠶᠢᠨ ᠨᠥᠬᠦᠪᠥᠷᠢ 73.74 ᠲᠦᠮᠡᠨ ᠲᠥᠭᠦᠷᠢᠭ ᠣᠯᠭᠤᠵᠤ᠂ 4 ᠬᠥᠮᠦᠨ ᠳᠤ ᠲᠦᠷ ᠴᠠᠭ ᠤᠨ ᠴᠢᠨᠠᠷᠲᠠᠶ | ᠠᠮᠢᠳᠤᠷᠠᠯ ᠤᠨ ᠨᠥᠬᠦᠪᠥᠷᠢ 5824 ᠲᠥᠭᠦᠷᠢᠭ ᠤᠯᠭᠤᠯᠪᠠ᠃ | |