ᠮᠠᠨ ᠤ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ ︾ ᠠᠵᠢᠯᠯᠠᠭ᠎ᠠ ᠶᠢᠨ ᠢᠳᠬᠠᠯ ᠰᠠᠨᠠᠭᠤᠯᠭ᠎ᠠ ᠶᠢᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/3/8
  ᠮᠠᠨ ᠤ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠠᠵᠢᠯᠯᠠᠭ᠎ᠠ ᠶᠢᠨ ᠢᠳᠬᠠᠯ ᠰᠠᠨᠠᠭᠤᠯᠭ᠎ᠠ ᠶᠢᠨ ᠶᠠᠷᠢᠯᠴᠠᠬᠤ ᠬᠤᠷᠠᠯ ᠬᠢᠪᠡ  3 ᠰᠠᠷ᠎ᠠ ᠶᠢᠨ 4 ᠤ ᠡᠳᠦᠷ᠂ ᠮᠠᠨ ᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠦ ᠦᠢᠯᠡᠴᠢᠯᠡᠬᠦ ᠶᠢ ᠪᠠᠲᠤᠯᠠᠬᠤ︾ ᠭᠡᠬᠦ ᠶᠠᠷᠢᠯᠴᠠᠭᠠᠨ ᠤ ᠠᠵᠢᠯᠯᠠᠭ᠎ᠠ ᠶᠢᠨ ᠢᠳᠬᠠᠯ ᠰᠠᠨᠠᠭᠤᠯᠭ᠎ᠠ ᠶᠢᠨ ᠶᠠᠷᠢᠯᠴᠠᠬᠤ ᠬᠤᠷᠠᠯ ᠡᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ ᠬᠤᠷᠠᠯ ᠡᠷᠭᠢᠯᠠᠨ ᠶᠠᠷᠢᠶ᠎ᠠ ᠲᠠᠯᠪᠢᠵᠠᠶ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠰᠢᠶ᠋ᠸ ᠶᠦᠨ ᠰᠥᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠵᠧᠩ ᠰᠢᠶᠠᠨ ᠬᠤᠶ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠢᠶᠠᠩ ᠯᠢ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠸᠠᠩ ᠸᠸᠡ ᠬᠤᠤ ᠶᠠᠷᠢᠯᠴᠠᠬᠤ ᠬᠤᠷᠠᠯ ᠳᠤ ᠣᠷᠣᠯᠴᠠᠵᠠᠶ᠃  ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠬᠠᠨ ᠶᠦᠩ ᠪᠥᠬᠦ ᠬᠤᠰᠢᠭᠤᠨ ᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠲᠣᠰ ᠲᠣᠰ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃  ᠵᠠᠩ ᠶᠠᠨ ᠵᠢᠭᠠᠵᠤ ᠭᠠᠷᠭᠠᠭᠰᠠᠨ ᠨᠢ᠂ ᠠᠰᠠᠭᠤᠳᠠᠯ ᠤᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠳᠠᠲᠠᠶ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠥᠪᠡᠷ ᠤᠨ ᠰᠢᠷᠬ᠎ᠠ ᠪᠠᠨ ᠢᠯᠡᠴᠢᠯᠡᠵᠦ᠂ ᠪᠣᠳᠠᠲᠠᠢ ᠠᠵᠢᠯᠯᠠᠭ᠎ᠠ ᠪᠠᠷ ᠢᠶᠠᠨ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠦᠨᠳᠦᠰᠦ ᠪᠠᠷ ᠨᠢ ᠠᠷᠢᠯᠭᠠᠬᠤ ᠬᠡᠷᠡᠭᠲᠡᠢ᠃ ᠭᠦᠨᠵᠡᠭᠡᠶ ᠬᠠᠷᠢᠴᠠᠭᠤᠯᠤᠨ ᠪᠠᠶᠢᠴᠠᠭᠠᠵᠤ᠂ ᠥᠪᠡᠷ ᠤᠨ ᠪᠡᠶ᠎ᠡ ᠳᠡᠭᠡᠨ ᠣᠷᠣᠰᠢᠵᠤ ᠪᠠᠶᠢᠭ᠎ᠠ ᠦᠵᠡᠯ ᠰᠠᠨᠠᠭ᠎ᠠ ᠤᠯᠤᠰ ᠲᠥᠷᠥ᠂ ᠣᠶᠤᠨ ᠰᠠᠨᠠᠭᠠᠨ ᠤ ᠪᠠᠶᠢᠳᠠᠯ᠂ ᠠᠵᠢᠯ ᠤᠨ ᠰᠤᠷᠲᠠᠯ ᠵᠡᠷᠭᠡ ᠭᠦᠨ ᠳᠠᠪᠬᠤᠷᠭ᠎ᠠ ᠶᠢᠨ ᠠᠰᠠᠭᠤᠳᠠᠯ ᠢ ᠵᠠᠳᠠᠯᠤᠨ ᠰᠢᠨᠵᠢᠯᠡᠬᠦ ᠬᠡᠷᠡᠭᠲᠡᠶ᠃ ᠬᠠᠷᠢᠴᠠᠭᠤᠯᠤᠨ ᠪᠠᠶᠢᠴᠠᠭᠠᠬᠤ᠂ ᠥᠪᠡᠷ ᠢ ᠪᠠᠨ ᠵᠠᠳᠠᠯᠤᠨ ᠰᠢᠨᠵᠢᠯᠡᠬᠦ ᠶᠢ ᠲᠠᠨᠢᠯᠲᠠ ᠪᠠᠨ ᠭᠦᠨᠵᠡᠭᠡᠶᠢᠷᠡᠭᠦᠯᠬᠦ᠂ ᠦᠵᠡᠯᠲᠡ ᠪᠠᠨ ᠰᠢᠨᠡᠳᠬᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ︽ᠥᠩᠭᠡᠷᠡᠭᠰᠡᠨ ᠳᠤ ᠶᠠᠭᠠᠬᠢᠵᠤ ᠬᠢᠭᠰᠡᠨ᠂ ᠤᠳᠤ ᠶᠠᠭᠠᠬᠢᠵᠤ ᠪᠤᠳᠤᠵᠤ ᠪᠠᠶᠢᠭᠰᠠᠨ᠂ ᠢᠷᠡᠭᠡᠳᠦᠢ ᠳᠤ ᠶᠠᠭᠠᠬᠢᠵᠤ ᠬᠢᠬᠦ︾ ᠪᠠᠷ ᠭᠤᠣᠯᠳᠠᠭᠤᠯᠵᠤ᠂ ᠦᠵᠡᠯ ᠰᠠᠨᠠᠭ᠎ᠠ ᠪᠠᠨ ᠴᠡᠭᠴᠡᠯᠡᠵᠦ ᠂ ᠠᠵᠢᠯ ᠢᠶᠠᠨ ᠰᠠᠢᠲᠤᠷ ᠬᠢᠬᠦ ᠬᠡᠷᠡᠭᠲᠡᠢ᠂ ᠨᠢᠭᠤᠵᠤ ᠳᠠᠯᠳᠠᠯᠠᠬᠤ ᠦᠭᠡᠢ᠂ ᠬᠦᠨᠳᠦ ᠠᠴᠠ ᠵᠠᠶᠢᠯᠠᠵᠤ ᠬᠥᠩᠭᠡᠨ ᠢ ᠡᠷᠢᠬᠦ ᠬᠡᠷᠡᠭᠲᠡᠢ᠃ ᠦᠨᠡᠨ ᠬᠦ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠡᠷᠴᠢ ᠵᠣᠷᠢᠭ ᠢᠶᠠᠨ ᠴᠢᠩᠭᠠᠷᠠᠭᠤᠯᠵᠤ᠂ ᠴᠤᠭ ᠰᠦᠯᠳᠡ ᠪᠠᠨ ᠪᠠᠳᠠᠷᠠᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠪᠠᠲᠤᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠤᠯᠠᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ᠃ ᠮᠥᠷᠳᠡᠨ ᠪᠠᠶᠢᠴᠠᠭᠠᠵᠤ ᠬᠠᠷᠢᠭᠤ ᠰᠤᠷᠪᠤᠯᠵᠢᠯᠠᠬᠤ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠬᠠᠷᠢᠭᠤ ᠰᠤᠷᠪᠤᠯᠵᠢᠯᠠᠭ᠎ᠠ ᠶᠢ ᠲᠣᠬᠢᠶᠠᠯᠳᠤᠯ ᠢᠶᠠᠷ ᠰᠣᠩᠭᠤᠵᠤ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠣᠶᠢᠯᠠᠭᠠᠬᠤ ᠬᠡᠷᠡᠭᠲᠡᠶ᠃  ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠤ ᠠᠬᠤᠶᠢᠯᠠᠯ ᠢ ᠠᠮᠤᠷᠵᠢᠭᠤᠯᠬᠤ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠨᠦᠭᠦᠳ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢᠨ ᠵᠡᠷᠭᠡᠴᠡᠭᠡᠪᠡᠷ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠨᠡᠩ ᠴᠢᠬᠤᠯᠠᠴᠢᠯᠠᠬᠤ ᠬᠡᠷᠡᠭᠲᠡᠶ᠃  ᠵᠠᠩ ᠶᠠᠨ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲᠧᠮ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠮᠠᠯᠠᠯᠲᠠ ᠪᠠᠨ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠤᠯᠠᠨ ᠤ ᠬᠠᠮᠤᠭ ᠤᠨ ᠬᠦᠴᠦᠷᠬᠡᠭ ᠥᠮᠥᠭ ᠲᠦᠰᠢᠭ ᠪᠤᠯᠵᠤ᠂ ᠠᠮᠤᠷ ᠲᠦᠪᠰᠢᠨ ᠲᠣᠭᠲᠠᠭᠤᠨ ᠶᠢ ᠪᠠᠳᠤᠯᠠᠵᠤ ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ︽ᠬᠠᠰᠤᠬᠤ ᠦᠢᠯᠡᠳᠦᠯ︾ ᠪᠠ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠦᠢᠯᠡᠴᠢᠯᠡᠭᠡᠨ ᠤ ︽ᠨᠡᠮᠡᠬᠦ ᠦᠢᠯᠡᠳᠦᠯ︾ ᠢ ᠰᠠᠶᠢᠲᠤᠷ ᠬᠢᠵᠦ᠂ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠠᠮᠢᠳᠤᠷᠠᠬᠤ᠂ ᠰᠠᠨᠠᠭ᠎ᠠ ᠠᠮᠤᠷ ᠦᠢᠯᠡᠰ ᠪᠤᠰᠬᠠᠬᠤ᠂ ᠰᠠᠨᠠᠭ᠎ᠠ ᠠᠮᠤᠷ ᠬᠥᠭᠵᠢᠬᠦ ᠪᠣᠯᠭᠠᠵᠤ᠂ ᠬᠠᠷᠠᠴᠢᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠦᠵᠡᠭᠦᠯᠪᠡᠰᠦ ᠵᠣᠬᠢᠬᠤ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠬᠤᠷᠠᠯ ᠳᠡᠭᠡᠷ᠎ᠡ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠠᠮᠢᠶ᠎ᠠ ᠪᠦᠬᠦᠢ ᠬᠥᠮᠦᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号