ᠬᠠᠷᠠᠴᠢᠨ ᠬᠤᠰᠢᠭᠤᠨ ᠤ 2021 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠰᠢᠯᠭᠠᠯᠲᠠ ᠳᠤ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2022/3/8
  ᠬᠠᠷᠠᠴᠢᠨ ᠬᠤᠰᠢᠭᠤᠨ ᠤ 2021 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠰᠢᠯᠭᠠᠯᠲᠠ ᠳᠤ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠪᠠ  ᠣᠶᠢᠷ᠎ᠠ ᠳᠤ᠂ ᠤᠯᠠᠭᠠᠨᠬᠠᠳᠠ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠨ ᠬᠢᠨᠠᠨ ᠰᠢᠯᠭᠠᠭᠰᠠᠨ ᠦᠷ᠎ᠡ ᠳ᠋ᠦᠩ ᠢ ᠨᠡᠶᠢᠲᠡᠯᠡᠵᠦ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠬᠢᠨᠠᠨ ᠰᠢᠯᠭᠠᠯᠲᠠ ᠶᠢᠨ ᠬᠤᠪᠢ ᠳᠠᠬᠢᠨᠲᠠ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠪᠥᠬᠦ ᠬᠤᠰᠢᠭᠤᠨ ᠤ ᠠᠷᠠᠳ ᠲᠦᠮᠡᠨ ᠳᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃  ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠪᠠ ᠨᠠᠮ ᠵᠠᠰᠠᠭ ᠬᠠᠮᠲᠤ ᠬᠠᠷᠢᠭᠤᠴᠠᠯᠭ᠎ᠠ ᠲᠠᠢ ᠪᠠᠶᠢᠬᠤ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠣᠯᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠦᠨ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠭᠢᠨᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠢᠩᠭ᠎ᠠ ᠨᠢᠮᠪᠠᠶ ᠥᠨᠳᠥᠷ ᠪᠦᠲᠦᠮᠵᠢᠲᠡᠶ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ 3 ᠵᠢᠯ ᠳᠠᠷᠠᠭᠠᠯᠠᠨ ᠪᠥᠬᠦ ᠬᠤᠲᠠ ᠳᠤ ᠲᠡᠷᠢᠭᠦᠯᠡᠬᠦ ᠶᠢ ᠪᠠᠲᠤᠯᠠᠵᠤ᠂ ᠮᠠᠨ ᠤ ᠬᠤᠰᠢᠭᠤᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠦᠢᠯ ᠤᠨ ᠶᠡᠭᠡ ᠪᠠᠷ ᠨᠡᠮᠡᠭᠳᠡᠭᠦᠯᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号