ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠮᠠᠨ ᠤ ᠬᠤᠰᠢᠭᠤᠨ ᠳᠤ ᠬᠦᠷᠴᠦ S206 ᠱᠤᠭᠤᠮ ᠢ ᠰᠡᠯᠪᠢᠨ ᠵᠠᠰᠠᠵᠤ ᠥᠭᠡᠷᠡᠴᠢᠯᠡᠭᠰᠡᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/1
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠮᠠᠨ ᠤ ᠬᠤᠰᠢᠭᠤᠨ ᠳᠤ ᠬᠦᠷᠴᠦ S206 ᠱᠤᠭᠤᠮ ᠢ ᠰᠡᠯᠪᠢᠨ ᠵᠠᠰᠠᠵᠤ ᠥᠭᠡᠷᠡᠴᠢᠯᠡᠭᠰᠡᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ   3 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠮᠠᠨ ᠤ ᠬᠤᠰᠢᠭᠤᠨ ᠳᠤ ᠬᠦᠷᠴᠦ S206 ᠱᠤᠭᠤᠮ ᠤᠨ ᠰᠡᠯᠪᠢᠨ ᠵᠠᠰᠠᠵᠤ ᠥᠭᠡᠷᠡᠴᠢᠯᠡᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ ᠸᠠᠩ ᠰᠢᠤ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠸᠤᠨ ᠳ᠋ᠦᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃   ᠶᠦᠨ ᠸᠧᠨ ᠵᠢᠩ ᠨᠡᠷ ᠮᠠᠨ ᠤ ᠬᠤᠰᠢᠭᠤᠨ ᠤ ᠬᠢᠯᠢ ᠳᠣᠲᠣᠷᠠᠬᠢ S206 ᠱᠤᠭᠤᠮ ᠤᠨ ᠬᠡᠰᠡᠭ ᠵᠠᠮ ᠤᠨ ᠬᠡᠰᠡᠭ ᠤᠨ ᠰᠡᠯᠪᠢᠨ ᠵᠠᠰᠠᠬᠤ ᠴᠢᠨᠠᠷᠲᠠᠶ ᠠᠷᠠᠴᠢᠯᠠᠨ ᠬᠠᠮᠠᠭᠠᠯᠠᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠨᠠᠷᠢᠨ ᠣᠶᠢᠯᠠᠭᠠᠪᠠ᠃   ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠦᠨ ᠸᠧᠨ ᠵᠢᠩ ᠴᠢᠬᠤᠯᠠᠴᠢᠯᠠᠭᠰᠠᠨ ᠨᠢ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠳᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠷᠢᠳ ᠢᠶᠠᠷ ᠬᠢᠬᠦ ᠬᠡᠷᠡᠭᠲᠡᠶ᠃ ᠵᠠᠰᠠᠮᠠᠯ ᠵᠠᠮ ᠪᠣᠯ ᠴᠢᠬᠤᠯᠠ ᠰᠠᠭᠤᠷᠢ ᠪᠡᠯᠡᠳᠬᠡᠮᠵᠢ ᠪᠣᠯᠬᠤ ᠲᠤᠯᠠ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠶᠢᠨ ᠡᠭᠦᠷᠭᠡ ᠪᠠᠨ ᠢᠳᠡᠪᠬᠢᠲᠡᠶ ᠪᠡᠶᠡᠯᠡᠭᠦᠯᠵᠦ᠂ ᠢᠷᠡᠬᠦ ᠵᠢᠯ ᠤᠨ ᠲᠥᠷᠥᠯ ᠵᠦᠢᠯ ᠤᠨ ᠲᠥᠯᠥᠪᠯᠡᠭᠡ ᠪᠠᠨ ᠬᠢᠨᠠᠮᠠᠭᠠᠶ ᠰᠠᠶᠢᠲᠤᠷ ᠲᠥᠯᠥᠪᠯᠡᠬᠦ ᠬᠡᠷᠡᠭᠲᠡᠶ᠃   ᠶᠦᠨ ᠸᠧᠨ ᠵᠢᠩ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠠᠵᠢᠯ ᠢ ᠨᠤᠲᠠᠯᠠᠵᠤ᠂ ᠡᠯ᠎ᠡ ᠲᠠᠯ᠎ᠠ ᠶᠢᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ S206 ᠱᠤᠭᠤᠮ ᠤᠨ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ ᠪᠠᠷ ᠬᠢᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠪᠠ ᠮᠤᠵᠢ ᠶᠢᠨ ᠵᠠᠰᠠᠮᠠᠯ ᠵᠠᠮ ᠪᠠ ᠬᠥᠳᠡᠭᠡ ᠲᠣᠰᠬᠤᠨ ᠤ ᠵᠠᠰᠠᠮᠠᠯ ᠵᠠᠮ ᠤᠨ ᠳᠦᠷᠰᠦ ᠪᠠᠶᠢᠳᠠᠯ ᠢ ᠢᠯᠡᠳᠲᠡ ᠳᠡᠭᠡᠭᠰᠢᠯᠡᠭᠦᠯᠬᠦ ᠶᠢ ᠲᠦᠷᠭᠡᠨ ᠠᠬᠢᠭᠤᠯᠬᠤ ᠶᠢ ᠬᠦᠰᠡᠪᠡ᠃   ᠶᠦᠨ ᠸᠧᠨ ᠵᠢᠩ ᠴᠢᠬᠤᠯᠠᠴᠢᠯᠠᠭᠰᠠᠨ ᠨᠢ᠂ ᠵᠠᠰᠠᠨ ᠰᠡᠷᠭᠦᠭᠡᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠤᠯᠤᠰ ᠤᠨ ᠪᠠ ᠮᠤᠵᠢ ᠶᠢᠨ ᠵᠠᠮ ᠤᠨ ᠥᠭᠡᠷᠡᠴᠢᠯᠡᠯᠲᠡ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠰᠢᠨ᠎ᠡ ᠵᠠᠭᠪᠤᠷ ᠢ ᠢᠳᠡᠪᠬᠢᠲᠡᠶ ᠪᠠᠷ ᠰᠤᠳᠤᠯᠤᠨ ᠰᠦᠪᠡᠭᠴᠢᠯᠡᠵᠦ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦᠨ ᠤ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠵᠠᠰᠠᠮᠠᠯ ᠵᠠᠮ ᠤᠨ ᠬᠠᠮᠠᠭᠠᠯᠠᠯᠲᠠ ᠪᠣᠯᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠷᠠᠳ ᠤᠯᠠᠨ ᠤ ᠶᠠᠪᠤᠵᠤ ᠰᠠᠭᠤᠬᠤ ᠳᠤ ᠨᠡᠩ ᠳᠥᠭᠦᠮ ᠳᠥᠲᠡ ᠠᠮᠤᠷ ᠲᠦᠪᠰᠢᠨ ᠪᠣᠯᠭᠠᠬᠤ ᠬᠡᠷᠡᠭᠲᠡᠢ᠃ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠠᠰᠠᠭᠤᠳᠠᠯ ᠢ ᠬᠦᠴᠦᠯᠡᠨ ᠵᠠᠰᠠᠵᠤ᠂ ᠬᠠᠮᠢᠶ᠎ᠠ ᠪᠥᠬᠦᠶ ᠠᠵᠢᠯ ᠤᠨ ᠪᠠᠶᠢᠭᠤᠯᠤᠮᠵᠢ ᠶᠢ ᠪᠠᠶᠢᠭᠤᠯᠤᠨ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠦᠴᠦᠲᠡᠶ ᠴᠣᠬᠢᠯᠲᠠ ᠥᠭᠴᠦ᠂ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃   ᠶᠦᠨ ᠸᠧᠨ ᠵᠢᠩ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠠᠴᠠ ᠮᠠᠨ ᠤ ᠬᠤᠰᠢᠭᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠠ ᠤᠯᠤᠰ ᠤᠨ ᠪᠠ ᠮᠤᠵᠢ ᠶᠢᠨ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠠᠵᠢᠯ ᠢ ᠢᠳᠡᠪᠬᠢᠲᠡᠶ ᠳᠡᠮᠵᠢᠵᠦ᠂ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠵᠠᠮ ᠬᠠᠷᠢᠯᠴᠠᠭᠠᠨ ᠤ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠨ ᠠᠮᠢᠳᠤᠷᠠᠯ ᠳᠤ ᠨᠠᠩ ᠣᠯᠠᠨ ᠨᠠᠩ ᠰᠠᠶᠢᠨ ᠬᠦᠷᠲᠡᠭᠡᠨ᠎ᠡ ᠭᠡᠵᠡᠶ᠃   ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠣᠷᠳᠣ ᠬᠤᠭᠤᠴᠠᠭᠠᠨ ᠤ ᠲᠤᠷᠰᠢ ᠬᠠᠷᠠᠴᠢᠨ ᠤ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ S206 ᠰᠡᠯᠪᠢᠨ ᠵᠠᠰᠠᠵᠤ ᠥᠭᠡᠷᠡᠴᠢᠯᠡᠬᠦ᠂ ᠮᠡᠢᠷᠡᠨ ᠬᠦᠨᠳᠡᠢ ᠠᠴᠠ ᠴᠧᠩ ᠸᠧᠶ ᠬᠥᠷᠬᠦ ᠲᠦᠷᠭᠡᠨ ᠬᠤᠷᠳᠤᠴᠠᠲᠤ ᠵᠠᠰᠠᠮᠠᠯ ᠵᠠᠮ ᠤᠨ ᠰᠢᠯᠤᠭᠤᠨ ᠬᠥᠬᠡ ᠬᠤᠰᠢᠭᠤᠨ ᠤ ᠺᠠᠯᠤᠨ ᠬᠡᠰᠡᠭ ᠤᠨ ᠵᠢᠭᠤᠯᠴᠢᠯᠠᠯ ᠤᠨ ᠵᠠᠰᠠᠮᠠᠯ ᠵᠠᠮ ᠪᠠ ᠨᠢᠩᠴᠧᠩ ᠬᠤᠲᠠ ᠶᠢᠨ ᠾᠧᠢ ᠯᠢ ᠾᠧ ᠭᠤᠤᠯ ᠪᠠ ᠰᠦᠩᠱᠠᠨ ᠤ ᠤᠯᠢᠶᠠᠰᠤ ᠶᠢᠨ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠲᠥᠷᠥᠯ ᠵᠦᠢᠯ ᠢ ᠢᠳᠡᠪᠬᠢᠲᠡᠶ ᠠᠬᠢᠭᠤᠯᠵᠤ᠂ ᠡᠯ᠎ᠡ ᠱᠠᠲᠤᠨ ᠤ ᠵᠠᠰᠠᠮᠠᠯ ᠵᠠᠮ ᠢ ᠵᠠᠰᠠᠨ ᠰᠡᠷᠭᠦᠭᠡᠬᠦ ᠪᠠ ᠳᠠᠬᠢᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠪᠠᠶᠢᠨ᠎ᠠ ᠭᠡᠵᠡᠶ᠃   ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠬᠢᠨ ᠬᠠᠷᠠᠴᠢᠨ ᠤ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠲᠡᠮᠵᠢᠵᠥ᠂ ᠤᠯᠤᠰ ᠤᠨ ᠪᠠ ᠮᠤᠵᠢ ᠶᠢᠨ ᠵᠠᠮ ᠪᠣᠯᠤᠨ ᠵᠤᠭᠠᠴᠠᠯ ᠤᠨ ᠵᠠᠰᠠᠮᠠᠯ ᠵᠠᠮ ᠤᠨ ᠪᠦᠳᠤᠬᠡᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠳᠡᠮᠵᠢᠯᠭᠡ ᠦᠵᠡᠭᠦᠯᠵᠦ᠂ ᠨᠡᠩ ᠤᠯᠠᠨ ᠲᠦᠷᠤᠯ ᠵᠦᠢᠯ ᠢ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠠᠷᠠᠴᠢᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃   ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠮᠠᠨ ᠤ ᠬᠤᠰᠢᠭᠤᠨ ᠤ ᠬᠢᠯᠢ ᠳᠣᠲᠣᠷᠠᠬᠢ S206 ᠱᠤᠭᠤᠮ ᠤᠨ ᠦᠨᠳᠦᠰᠦᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠡᠪᠳᠡᠷᠡᠵᠦ ᠰᠦᠢᠳᠦᠭᠰᠡᠨ ᠵᠠᠮ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠪᠠ  ᠰᠢᠢᠳᠪᠦᠷᠢᠯᠡᠵᠦ ᠵᠠᠰᠠᠨ ᠰᠡᠷᠭᠦᠭᠡᠬᠦ ᠲᠥᠰᠦᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃

640 (1).png

640.jpg

640.png

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号