2022 ᠣᠨ ᠤ ᠬᠠᠷᠠᠴᠢᠨ ᠬᠤᠰᠢᠭᠤᠨ ᠤ ᠬᠠᠩᠰᠢ ᠶᠢᠨ ᠡᠳᠦᠷ ᠤᠨ ᠪᠣᠯᠪᠠᠰᠤᠨ ᠤ ᠳᠠᠬᠢᠯᠭ᠎ᠠ
ᠨᠡᠶᠢᠲᠡᠯᠡᠭᠰᠡᠨ ᠴᠠᠭ᠄
2022/4/1
2022 ᠣᠨ ᠤ ᠬᠠᠷᠠᠴᠢᠨ ᠬᠤᠰᠢᠭᠤᠨ ᠤ ᠬᠠᠩᠰᠢ ᠶᠢᠨ ᠡᠳᠦᠷ ᠤᠨ ᠪᠣᠯᠪᠠᠰᠤᠨ ᠤ ᠳᠠᠬᠢᠯᠭ᠎ᠠ ᠰᠠᠨᠠᠭᠠᠴᠢᠯᠠᠭ᠎ᠠ ᠶᠢᠨ ᠪᠢᠴᠢᠭᠥᠷᠭᠡᠨ ᠣᠯᠠᠨ ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ᠄   ᠪᠢᠳᠡ ᠬᠠᠩᠰᠢ ᠶᠢᠨ ᠡᠳᠦᠷ ᠢᠶᠠᠨ ᠳᠠᠬᠢᠨᠲᠠ ᠤᠭᠲᠤᠨ ᠠᠪᠤᠯ᠎ᠠ᠃ ᠬᠠᠩᠰᠢ ᠶᠢᠨ ᠡᠳᠦᠷ ᠪᠣᠯ ᠪᠢᠳᠡᠨ ᠤ ᠥᠩᠭᠡᠷᠡᠭᠰᠡᠨ ᠤ ᠬᠢ ᠪᠠᠨ ᠪᠣᠯᠭᠤᠮᠵᠢᠯᠠᠨ ᠠᠯᠤᠰ ᠢ ᠬᠥᠭᠡᠭᠡᠴᠡᠯᠳᠦᠵᠦ᠂ ᠬᠠᠭᠤᠴᠢᠨ ᠨᠠᠶᠢᠵᠠ ᠨᠠᠷ ᠢᠶᠠᠨ ᠮᠥᠷᠥᠭᠡᠳᠦᠨ ᠰᠠᠨᠠᠭᠠᠯᠵᠠᠵᠤ᠂ ᠭᠠᠰᠢᠭᠤᠳᠠᠯ ᠢᠶᠠᠨ ᠢᠯᠡᠳᠬᠡᠬᠦ ᠴᠠᠭ ᠮᠥᠨ᠃ ᠡᠨᠡ ᠵᠢᠯ ᠤᠨ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠲᠥᠪ ᠴᠢᠩᠭ᠎ᠠ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠪᠠ᠄   ᠨᠢᠭᠡ᠂ ᠠᠮᠢ ᠠᠬᠤᠶ ᠶᠢᠨ ᠣᠷᠴᠢᠨ ᠲᠣᠭᠤᠷᠢᠨ ᠶᠢ ᠬᠠᠮᠠᠭᠠᠯᠠᠵᠤ᠂ ᠡᠷᠡᠭᠦᠯ ᠮᠡᠨᠳᠦ ᠳᠠᠬᠢᠯᠭ᠎ᠠ ᠬᠢᠬᠦ᠃ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠴᠢᠷᠳᠡᠯ ᠨᠡᠮᠡᠭᠳᠡᠵᠦ ᠪᠠᠶᠢᠨ᠎ᠠ᠃ ᠬᠡᠳᠦ᠋ᠢᠪᠡᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ᠂ ᠬᠠᠭᠤᠴᠢᠨ ᠨᠠᠶᠢᠵᠠ ᠪᠠᠨ ᠳᠠᠬᠢᠬᠤ ᠨᠢ ᠳᠤᠲᠠᠭᠳᠠᠵᠤ ᠪᠣᠯᠤᠰᠢ ᠦᠭᠡᠢ ᠤᠯᠠᠮᠵᠢᠯᠠᠯᠲᠤ ᠵᠠᠩ ᠳᠠᠳᠬᠠᠯ ᠪᠣᠯᠪᠠᠴᠤ ᠳᠠᠬᠢᠯᠭ᠎ᠠ ᠶᠢᠨ ᠬᠡᠯᠪᠡᠷᠢ ᠨᠢ ᠠᠳᠠᠯᠢ ᠪᠤᠰᠤ ᠴᠠᠭ ᠦᠶ᠎ᠡ ᠳᠤ ᠠᠳᠠᠯᠢ ᠪᠤᠰᠤ ᠣᠨᠴᠠᠯᠢᠭ ᠲᠠᠢ ᠪᠠᠶᠢᠳᠠᠭ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠩᠰᠢ ᠶᠢᠨ ᠡᠳᠦᠷ ᠤᠨ ᠳᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠳᠡᠭᠡᠨ᠂ ᠤᠯᠠᠮᠵᠢᠯᠠᠯᠲᠤ ᠰᠣᠶᠣᠯ ᠢ ᠣᠳᠣᠬᠢᠴᠢᠯᠠᠭᠰᠠᠨ᠂ ᠠᠮᠤᠷ ᠲᠦᠪᠰᠢᠨ ᠤ ᠠᠷᠭ᠎ᠠ ᠮᠠᠶ᠋ᠢᠭ ᠢᠶᠠᠷ ᠢᠯᠡᠳᠬᠡᠬᠦ ᠬᠡᠷᠡᠭᠲᠡᠶ᠃ ᠥᠷᠭᠡᠨ ᠤᠯᠠᠨ ᠰᠠᠭᠤᠭᠠᠯᠢ ᠠᠷᠠᠳ ᠰᠦᠯᠵᠢᠶᠡᠨ ᠤ ᠳᠠᠬᠢᠯᠭ᠎ᠠ ᠶᠢᠨ ᠬᠡᠯᠪᠡᠷᠢ ᠪᠠᠷ ᠬᠠᠭᠤᠴᠢᠨ ᠨᠠᠶᠢᠵᠠ ᠪᠠᠨ ᠳᠠᠬᠢᠬᠤ ᠶᠢ ᠰᠠᠨᠠᠭᠠᠴᠢᠯᠠᠵᠤ᠂ ︽ᠤᠯᠠᠭᠠᠨᠬᠠᠳᠠ ᠶᠢᠨ ᠳᠠᠬᠢᠯᠭ᠎ᠠ ᠶᠢᠨ ᠰᠦᠯᠵᠢᠶ᠎ᠡ ︾ ᠳᠤ ᠭᠠᠷᠴᠤ ᠰᠦᠢᠳᠬᠡᠯ ᠬᠤᠷᠢᠶᠠᠬᠤ ᠦᠭᠡᠢ ᠪᠠᠷ ᠰᠦᠯᠵᠢᠶᠡᠨ ᠳᠠᠬᠢ ᠳᠤᠷᠠᠰᠬᠠᠯ ᠤᠨ ᠣᠷᠳᠣᠨ ᠢ ᠪᠠᠶᠢᠭᠤᠯᠵᠤ᠂ ᠰᠦᠯᠵᠢᠶᠡᠨ ᠳᠤ ᠬᠦᠵᠢ ᠠᠰᠠᠭᠠᠬᠤ᠂ ᠯᠠ ᠠᠰᠠᠭᠠᠬᠤ᠂ ᠴᠡᠴᠡᠭ ᠬᠦᠷᠭᠡᠬᠦ ᠵᠡᠷᠭᠡ ᠬᠡᠯᠪᠡᠷᠢ ᠪᠠᠷ ᠳᠡᠭᠡᠳᠦᠰ ᠢᠶᠠᠨ ᠳᠠᠬᠢᠬᠤ ᠬᠦᠰᠡᠯ ᠢᠶᠠᠨ ᠪᠡᠶᠡᠯᠡᠭᠦᠯᠵᠦ ᠪᠣᠯᠤᠨ᠎ᠠ᠃ ᠬᠡᠯᠪᠡᠷᠢ ᠮᠠᠶ᠋ᠢᠭ ᠨᠢ ᠠᠳᠠᠯᠢ ᠪᠤᠰᠤ ᠪᠣᠯᠪᠠᠴᠤ ᠬᠠᠶᠢᠷ᠎ᠠ ᠰᠡᠳᠬᠢᠯᠭᠡ ᠨᠢ ᠪᠠᠭᠤᠷᠠᠬᠤ ᠦᠭᠡᠶ᠂ ᠬᠢᠵᠢᠭ ᠢ ᠰᠡᠷᠭᠡᠶᠢᠯᠡᠬᠦ ᠶᠢᠨ ᠵᠡᠷᠭᠡ ᠳᠤ ᠭᠡᠷ ᠠᠴᠠ ᠪᠠᠨ ᠭᠠᠷᠬᠤ ᠦᠭᠡᠶ ᠪᠠᠷ ᠦᠷᠡᠭᠳᠡᠭᠰᠡᠨ ᠪᠠᠭᠠᠲᠤᠷᠴᠤᠳ ᠢ ᠬᠦᠨᠳᠦᠳᠬᠡᠨ ᠪᠢᠰᠢᠷᠡᠬᠦ᠂ ᠲᠥᠷᠥᠯ ᠰᠠᠳᠤᠨ ᠢᠶᠠᠨ ᠮᠥᠷᠥᠭᠡᠳᠦᠨ ᠰᠠᠨᠠᠭᠠᠯᠵᠠᠬᠤ ᠰᠡᠳᠬᠢᠯᠭᠡ ᠪᠠᠨ ᠢᠯᠡᠳᠬᠡᠵᠦ᠂ ᠣᠳᠣᠬᠢᠴᠢᠯᠠᠭᠰᠠᠨ ᠬᠡᠯᠪᠡᠷᠢ ᠪᠠᠷ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠲᠠᠶᠢᠯᠪᠤᠷᠢᠯᠠᠵᠤ ᠪᠣᠯᠤᠨ᠎ᠠ᠃   ᠬᠤᠶᠠᠷ᠂ ᠮᠠᠭᠤ ᠳᠠᠳᠬᠠᠯ ᠢᠶᠠᠨ ᠲᠠᠶᠠᠭᠳᠠᠵᠤ᠂ ᠪᠣᠯᠪᠠᠰᠤᠨ ᠢᠶᠠᠷ ᠲᠠᠬᠢᠯᠭ᠎ᠠ ᠬᠢᠬᠦ ᠬᠡᠷᠡᠭᠲᠡᠶ᠃ ᠦᠨᠡᠨᠬᠦ ᠲᠤᠬᠠᠶ ᠶᠢᠨ ᠭᠠᠵᠠᠷ ᠲᠤᠨᠢ ᠳᠠᠬᠢᠯᠭ᠎ᠠ ᠬᠢᠬᠦ ᠱᠠᠭᠠᠷᠳᠠᠯᠭ᠎ᠠ ᠲᠠᠢ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠠᠪᠴᠢ ᠪᠠᠨ ᠰᠠᠶᠢᠲᠤᠷ ᠵᠡᠭᠦᠵᠦ᠂ ᠳᠠᠬᠢᠯᠭ᠎ᠠ ᠬᠢᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠲᠠᠳ ᠲᠠᠢ ᠬᠠᠮᠵᠢᠯᠴᠠᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠳᠠᠬᠢᠯᠭ᠎ᠠ ᠬᠢᠬᠦ ᠴᠠᠭ ᠢ ᠵᠦᠶ ᠵᠣᠬᠢᠰᠲᠠᠶ ᠲᠤᠬᠢᠷᠠᠭᠤᠯᠬᠤ ᠬᠡᠷᠡᠭᠲᠡᠶ᠃ ᠰᠣᠷᠭᠤᠭ ᠴᠡᠴᠡᠭ ᠬᠦᠷᠭᠡᠬᠦ ᠂ ᠮᠣᠳᠣ ᠲᠠᠷᠢᠵᠤ ᠨᠣᠭᠤᠭᠠᠷᠠᠭᠤᠯᠬᠤ᠂ ᠠᠯᠤᠰ ᠠᠴᠠ ᠳᠠᠬᠢᠬᠤ᠂ ᠭᠡᠷ ᠪᠦᠯᠢ ᠪᠠᠷ ᠢᠶᠠᠨ ᠳᠤᠷᠠᠰᠤᠨ ᠰᠠᠨᠠᠭᠠᠯᠵᠠᠬᠤ ᠵᠡᠷᠭᠡ ᠬᠡᠯᠪᠡᠷᠢ ᠪᠠᠷ ᠡᠪᠦᠭᠡ ᠳᠡᠭᠡᠳᠦᠰ ᠢᠶᠠᠨ ᠳᠠᠬᠢᠬᠤ ᠶᠢ ᠰᠠᠨᠠᠭᠠᠴᠢᠯᠠᠪᠠ᠃   ᠭᠤᠷᠪᠠ᠂ ᠰᠠᠶᠢᠨ ᠰᠠᠶᠢᠬᠠᠨ ᠶᠣᠰᠣ ᠮᠣᠷᠠᠯ ᠢ ᠪᠠᠳᠠᠷᠠᠭᠤᠯᠤᠨ᠂  ᠪᠡᠯᠪᠡᠰᠦᠷᠡᠯ ᠦᠨ ᠶᠠᠪᠤᠳᠠᠯ ᠢ ᠠᠷᠪᠢᠴᠢ ᠭᠠᠮᠲᠠᠢ ᠪᠠᠷ ᠡᠷᠬᠢᠯᠡᠬᠦ ᠬᠡᠷᠡᠭᠲᠡᠢ᠃ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠨ ᠢᠶᠠᠨ ᠡᠷᠡᠭᠦᠯ ᠲᠡᠩᠬᠡᠯᠡᠭᠦᠨ ᠪᠠᠶᠢᠬᠤ ᠦᠶ᠎ᠡ ᠳᠤ ᠢᠯᠡᠭᠦᠬᠡᠨ ᠬᠠᠯᠠᠮᠵᠢᠯᠠᠨ ᠬᠠᠶᠢᠷᠠᠯᠠᠵᠤ᠂ ᠤᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠵᠤ᠂ ᠡᠳ᠋ ᠪᠣᠳᠠᠰ ᠤᠨ ᠲᠠᠯ᠎ᠠ ᠪᠠᠷ ᠬᠠᠪᠰᠤᠷᠴᠤ᠂ ᠲᠡᠳᠡᠨ ᠢ ᠠᠮᠤᠷ ᠵᠢᠷᠭᠠᠯ ᠲᠠᠢ ᠠᠮᠢᠳᠤᠷᠠᠭᠤᠯᠵᠤ᠂ ᠵᠣᠯ ᠵᠢᠷᠭᠠᠯ ᠲᠠᠢ ᠠᠮᠢᠳᠤᠷᠠᠭᠤᠯᠬᠤ ᠬᠡᠷᠡᠭᠲᠡᠢ᠃ ᠨᠠᠰᠤᠲᠠᠨ ᠢ ᠨᠠᠰᠤ ᠪᠠᠷᠠᠭᠰᠠᠨ ᠤ ᠳᠠᠷᠠᠭ᠎ᠠ ᠯᠠᠷᠵᠠ ᠶᠠᠩᠪᠠ ᠲᠠᠲᠠᠬᠤ ᠥᠬᠡᠶ᠂ ᠪᠡᠯᠪᠡᠰᠦᠷᠡᠯ ᠤᠨ ᠶᠠᠪᠤᠳᠠᠯ ᠢ ᠠᠷᠪᠢᠴᠢ ᠭᠠᠮᠲᠠᠶ ᠪᠠᠷ ᠡᠷᠭᠢᠯᠡᠵᠦ᠂ ᠪᠣᠯᠪᠠᠰᠤᠨ ᠢᠶᠠᠷ ᠲᠠᠬᠢᠯ ᠡᠷᠭᠦᠵᠦ᠂ ᠨᠥᠭᠴᠢᠭᠰᠡᠳ ᠢ ᠠᠮᠤᠷᠵᠢᠭᠤᠯᠤᠨ᠎ᠠ᠂ ᠡᠨᠡ ᠪᠣᠯ ᠠᠴᠢᠯᠠᠯ ᠤᠨ ᠶᠣᠰᠣᠨ ᠤ ᠬᠠᠮᠤᠭ ᠤᠨ ᠰᠠᠶᠢᠨ ᠤᠯᠠᠮᠵᠢᠯᠠᠯ ᠮᠥᠨ᠃   ᠲᠦᠷᠪᠡ᠂ ᠨᠠᠮ ᠤᠨ ᠭᠡᠰᠢᠭᠦᠨ ᠲᠡᠷᠢᠭᠦᠯᠡᠨ ᠰᠢᠨ᠎ᠡ ᠬᠡᠪ ᠰᠤᠷᠲᠠᠯ ᠳᠤ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠬᠡᠪ ᠲᠦᠷᠢᠮ ᠦᠵᠡᠭᠦᠯᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠭᠠᠯ ᠢᠶᠠᠷ ᠳᠡᠭᠳᠡᠭᠡᠬᠦ ᠶᠢ ᠲᠦᠷᠦᠭᠦᠯᠡᠨ ᠢᠳᠡᠪᠬᠢᠲᠡᠢ ᠠᠬᠢᠭᠤᠯᠵᠤ᠂ ᠠᠮᠢ ᠠᠬᠤᠢ ᠶᠢᠨ ᠣᠷᠣᠰᠢᠭᠤᠯᠭ᠎ᠠ ᠶᠢᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠨᠥᠭᠴᠢᠭᠰᠡᠳ ᠢ ᠳᠤᠷᠠᠰᠤᠨ ᠰᠠᠨᠠᠭᠠᠯᠵᠠᠬᠤ ᠶᠢ ᠪᠣᠳᠠᠰ ᠤᠨ ᠠᠴᠢᠶᠠᠯᠠᠪᠤᠷᠢ ᠶᠢ ᠴᠢᠬᠤᠯᠠᠴᠢᠯᠠᠵᠤ ᠪᠠᠶᠢᠭᠰᠠᠨ ᠠᠴᠠ ᠤᠶᠤᠨ ᠰᠠᠨᠠᠭᠠᠨ ᠤ ᠤᠯᠠᠮᠵᠢᠯᠠᠯ ᠢᠶᠠᠷ ᠭᠤᠣᠯ ᠪᠣᠯᠭᠠᠬᠤ ᠳᠡᠭᠡᠷ᠎ᠡ ᠰᠢᠯᠵᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠲᠦᠷᠦᠯ ᠰᠠᠳᠤᠨ ᠨᠠᠶᠢᠵᠠ ᠨᠥᠬᠦᠳ ᠪᠠ ᠡᠷᠬᠢᠨ ᠲᠣᠭᠤᠷᠢᠨ ᠤ ᠤᠯᠠᠨ ᠲᠦᠮᠡᠨ ᠢ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠪᠠ ᠭᠠᠯ ᠢ ᠰᠡᠷᠭᠡᠶᠢᠯᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ ᠴᠢᠨᠳᠠᠷ ᠢ ᠭᠦᠨ ᠪᠤᠯᠠᠵᠤ᠂ ᠪᠤᠯᠠᠰᠢ ᠦᠯᠡᠳᠡᠭᠡᠬᠦ ᠥᠬᠡᠶ᠂ ᠬᠤᠪᠢ ᠪᠠᠷ ᠢᠶᠠᠨ ᠪᠤᠯᠠᠰᠢ ᠪᠠᠷᠢᠬᠤ ᠥᠬᠡᠶ ᠪᠠᠶᠢᠬᠤ ᠶᠢ ᠰᠠᠨᠠᠭᠠᠴᠢᠯᠠᠵᠤ᠂ ᠬᠥᠮᠦᠨ ᠲᠥᠷᠥᠯᠬᠢᠲᠡᠨ ᠤ ᠣᠷᠣᠰᠢᠨ ᠠᠮᠢᠳᠤᠷᠠᠬᠤ ᠨᠠᠩ ᠣᠯᠠᠨ ᠭᠠᠵᠠᠷ ᠰᠢᠷᠣᠶ ᠶᠢᠨ ᠣᠷᠣᠨ ᠵᠠᠶ ᠶᠢ ᠦᠷ᠎ᠡ ᠬᠤᠶᠢᠴᠢᠰ ᠲᠠᠭᠠᠨ ᠦᠯᠡᠳᠡᠭᠡᠨ ᠥᠭᠴᠦ᠂ ᠠᠷᠠᠳ ᠲᠦᠮᠡᠨ ᠳᠤ ᠪᠤᠶᠠᠨ ᠦᠢᠯᠡᠳᠦᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号