ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 4 ᠳ᠋ᠦᠭᠡᠷ ᠤᠳᠠᠭ᠎ᠠ ᠶᠢᠨ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ( ᠥᠷᠭᠡᠳᠬᠡᠭᠰᠡᠨ )  ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/17
ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 4 ᠳ᠋ᠦᠭᠡᠷ ᠤᠳᠠᠭ᠎ᠠ ᠶᠢᠨ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ( ᠥᠷᠭᠡᠳᠬᠡᠭᠰᠡᠨ )  ᠬᠤᠷᠠᠯ ᠢ ᠡᠷᠭᠢᠯᠡᠨ ᠬᠤᠷᠠᠯᠳᠤᠭᠤᠯᠪᠠ   4 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 4 ᠳ᠋ᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶  ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠠᠵᠢᠯ ᠤᠨ ᠡᠷᠴᠢ ᠵᠣᠷᠢᠭ ᠢᠶᠠᠨ ᠪᠠᠷᠢᠮᠲᠠᠯᠠᠵᠤ ᠂ ︽ᠭᠤᠷᠪᠠ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ︾ ᠶᠢ ᠪᠡᠶᠡᠯᠡᠭᠦᠯᠬᠦ ᠬᠡᠷᠡᠭᠲᠡᠶ᠂ ᠲᠤᠬᠠᠶᠢᠯᠠᠪᠠᠯ᠄ ᠦᠵᠡᠯ ᠰᠠᠨᠠᠭᠠᠨ ᠤ ᠲᠠᠯ᠎ᠠ ᠪᠠᠷ ᠬᠤᠶᠢᠷᠭᠤᠰᠢᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠤᠯᠠᠷᠠᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠪᠠᠷᠢᠮᠵᠢᠶ᠎ᠠ ᠶᠢᠨ ᠲᠠᠯ᠎ᠠ ᠪᠠᠷ ᠳᠣᠷᠣᠭᠰᠢᠯᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠠᠷᠭ᠎ᠠ ᠬᠡᠮᠵᠢᠶ᠎ᠡ ᠶᠢ ᠵᠥᠭᠡᠯᠡᠷᠡᠭᠦᠯᠬᠦ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠢᠴᠠᠭᠠᠯᠲᠠ ᠶᠢ ᠤᠭᠲᠤᠬᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠨ ᠰᠠᠶᠢᠵᠢᠷᠠᠭᠤᠯᠬᠤ᠂ ᠤᠯᠠᠨ ᠲᠦᠮᠡᠨ ᠤ ᠬᠠᠷᠢᠭᠤ ᠰᠤᠷᠪᠤᠯᠵᠢᠯᠠᠬᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃   ᠬᠤᠷᠠᠯ ᠠᠴᠠ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠭᠤᠷᠪᠠ ᠶᠢ ᠴᠢᠩᠭ᠎ᠠ ᠠᠩᠬᠠᠷᠬᠤ︾ ᠶᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ ᠂ ᠲᠤᠬᠠᠶᠢᠯᠠᠪᠠᠯ᠄ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠡᠷᠡᠭ᠂ ᠤᠯᠠᠨ ᠲᠦᠮᠡᠨ ᠬᠠᠨᠤᠮᠵᠢ ᠦᠭᠡᠢ ᠪᠠᠶᠢᠭ᠎ᠠ ᠬᠡᠷᠡᠭ᠂ ᠳᠠᠪᠬᠤᠷᠳᠠᠭᠤᠯᠤᠨ ᠢᠯᠡᠴᠢᠯᠡᠨ ᠮᠡᠳᠡᠭᠦᠯᠦᠭᠰᠡᠨ ᠬᠡᠷᠡᠭ ᠢ ᠴᠢᠩᠭ᠎ᠠ ᠠᠩᠬᠠᠷᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠯᠣᠭᠢᠭ ᠴᠢᠩᠭ᠎ᠠ᠂ ᠠᠷᠭ᠎ᠠ ᠵᠣᠬᠢᠰᠲᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠬᠤ ᠶᠢ ᠦᠨᠡᠨᠬᠦ ᠪᠠᠲᠤᠯᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠳᠣᠲᠣᠷ᠎ᠠ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠤᠨ ᠳᠠᠯᠳᠠ ᠭᠡᠮ ᠦᠯᠡᠳᠡᠭᠡᠬᠦ ᠦᠭᠡᠢ ᠪᠠᠶᠢᠬᠤ ᠬᠡᠷᠡᠭᠲᠡᠢ᠃   ᠬᠤᠷᠠᠯ ᠠᠴᠠ ᠱᠠᠭᠠᠷᠳᠠᠭᠰᠠᠨ ᠨᠢ ᠂ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠬᠤ ᠬᠡᠷᠡᠭᠲᠡᠢ᠃ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ ᠨᠠᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠬᠡᠷᠡᠭ ᠢ ᠪᠥᠬᠦ ᠲᠠᠯ᠎ᠠ ᠪᠠᠷ ᠬᠠᠷᠢᠭᠤᠴᠠᠨ᠂ ᠪᠥᠬᠦ ᠲᠠᠯ᠎ᠠ ᠪᠠᠷ ᠳᠣᠭᠢᠷᠠᠭᠤᠯᠵᠤ᠂ ᠬᠡᠷᠡᠭ ᠢ ᠳᠠᠭᠠᠭᠠᠴᠢᠯᠠᠭᠰᠠᠨ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ ᠳᠡᠭᠡᠭᠰᠢ ᠨᠡᠪᠲᠡᠷᠡᠯᠴᠡᠨ ᠬᠠᠷᠢᠭᠤ ᠮᠡᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠠᠰᠠᠭᠤᠳᠠᠯ ᠢ ᠡᠷᠢᠵᠦ ᠭᠠᠷᠭᠠᠬᠤ᠂ ᠪᠣᠳᠠᠲᠠᠶᠢᠵᠢᠭᠤᠯᠤᠨ ᠰᠢᠢᠳᠪᠦᠷᠢᠯᠡᠬᠦ ᠂ ᠪᠦᠲᠦᠮᠵᠢᠲᠡᠶ ᠪᠠᠷ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭ᠎ᠠ ᠠᠳᠬᠤᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠠᠶᠢᠷᠢᠯᠠᠭᠤᠯᠵᠤ᠂ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ ᠠᠷᠭ᠎ᠠ ᠬᠡᠮᠵᠢᠶ᠎ᠡ ᠨᠦᠭᠦᠳ︾᠂ ︽ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠳ᠋ᠦᠩᠨᠡᠯᠲᠡ ᠶᠢᠨ ᠮᠡᠳᠡᠭᠦᠯᠦᠯᠲᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 — 2026 ᠣᠨ︶ ︵ᠲᠤᠷᠰᠢᠨ ᠬᠡᠷᠡᠭᠵᠢᠭᠦᠯᠬᠦ︶︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号