ᠹᠠᠩ ᠷᠦᠢ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠰᠤᠳᠤᠯᠤᠨ ᠮᠠᠭᠠᠳᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/18
ᠹᠠᠩ ᠷᠦᠢ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠰᠤᠳᠤᠯᠤᠨ ᠮᠠᠭᠠᠳᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ   4 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠰᠤᠳᠤᠯᠤᠨ ᠮᠠᠭᠠᠳᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠬᠤᠷᠠᠯ ᠳᠤ ᠣᠷᠣᠯᠴᠠᠵᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠵᠢᠨᠱᠠᠨ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠠᠶ᠃   ᠹᠠᠩ ᠷᠦᠢ ᠵᠢᠭᠠᠵᠤ ᠭᠠᠷᠭᠠᠭᠰᠠᠨ ᠨᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯ ᠨᠢᠭᠡ ᠤᠳᠠᠭᠠᠨ ᠤ ᠰᠢᠪᠲᠤᠯᠤᠯᠲᠠ ᠶᠢᠨ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠮᠥᠨ᠂ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠪᠠᠷ ᠲᠤᠰᠢᠶᠠᠭᠰᠠᠨ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ  ᠢ ᠴᠡᠭᠴᠡᠯᠡᠨ ᠰᠠᠶᠢᠵᠢᠷᠠᠭᠤᠯᠬᠤ ᠪᠣᠯ ᠲᠡᠭᠦᠨ ᠤ ᠳᠣᠲᠣᠷᠠᠬᠢ ᠬᠠᠮᠤᠭ ᠤᠨ ᠵᠠᠩᠭᠢᠯᠠᠭ᠎ᠠ ᠶᠢᠨ ᠨᠢᠭᠡ ᠤᠳᠠᠭᠠᠨ ᠤ ᠬᠠᠲᠠᠭᠤ ᠳᠠᠶᠢᠯᠠᠯᠳᠤᠭᠠᠨ ᠮᠥᠨ᠂ ᠮᠦᠨ ᠴᠤ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠴᠢᠬᠤᠯᠠ ᠶᠡᠭᠡ ᠤᠯᠤᠰ ᠲᠥᠷᠥ ᠶᠢᠨ ᠰᠢᠯᠭᠠᠯᠲᠠ ᠪᠠ ᠦᠢᠯᠡᠳᠦᠯᠭᠡ ᠶᠢᠨ ᠰᠢᠯᠭᠠᠯᠲᠠ ᠮᠥᠨ᠃   ᠹᠠᠩ ᠷᠦᠢ ᠱᠠᠭᠠᠷᠳᠠᠭᠰᠠᠨ ᠨᠢ᠂ ᠲᠤᠰᠢᠶᠠᠨ ᠰᠢᠢᠳᠪᠦᠷᠢᠯᠡᠭᠦᠯᠦᠭᠰᠡᠨ ᠪᠤᠶ ᠪᠦᠬᠦᠢ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠬᠡᠷᠡᠭ ᠲᠤ᠂ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠪᠠᠷᠢᠮᠲᠠᠯᠠᠵᠤ᠂ ᠠᠳᠠᠯᠢ ᠪᠤᠰᠤ ᠲᠥᠷᠥᠯ ᠵᠦᠢᠯ ᠪᠠ ᠪᠠᠶᠢᠳᠠᠯ ᠢ ᠢᠯᠭᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠶ ᠲᠥᠰᠦᠯ ᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ ᠪᠠᠷ ᠠᠰᠠᠭᠤᠳᠠᠯ ᠤᠨ ᠵᠠᠰᠠᠯᠲᠠ ᠶᠢ ᠠᠬᠢᠭᠤᠯᠵᠤ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠡᠷᠬᠡᠪᠰᠢ ᠲᠣᠭᠲᠠᠭᠰᠠᠨ ᠴᠠᠭ ᠲᠤ ᠬᠠᠷᠢᠭᠤ ᠲᠤᠰᠬᠠᠬᠤ ᠬᠡᠷᠡᠭᠲᠡᠶ᠂ ᠬᠦᠨᠳᠦ ᠠᠴᠠ ᠵᠠᠶᠢᠯᠠᠵᠤ ᠬᠥᠩᠭᠡᠨ ᠢ ᠡᠷᠢᠵᠦ ᠪᠣᠯᠬᠤ ᠥᠬᠡᠶ᠂ ᠨᠠᠩ ᠴᠤ ᠬᠠᠰᠢ ᠶᠠᠰᠢ ᠪᠠᠷ ᠠᠯᠪᠠ ᠬᠠᠰᠢᠵᠤ ᠪᠣᠯᠬᠤ ᠥᠬᠡᠶ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠲᠠᠰᠤ ᠵᠣᠭᠰᠣᠭᠠᠵᠤ᠂ ᠬᠡᠷᠡᠭ ᠪᠣᠯᠭᠠᠨ ᠢ ᠨᠠᠶᠢᠳᠠᠪᠤᠷᠢᠵᠢᠭᠤᠯᠵᠤ᠂ ᠦᠭᠡ ᠪᠣᠯᠭᠠᠨ ᠳᠤ ᠬᠠᠷᠢᠭᠤ ᠲᠤᠰᠬᠠᠯ ᠭᠠᠷᠭᠠᠬᠤ ᠶᠢ ᠡᠷᠡᠰ ᠪᠡᠶᠡᠯᠡᠭᠦᠯᠵᠦ᠂ ᠬᠡᠷᠡᠭ ᠨᠢᠭᠡᠪᠦᠷᠢ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠨᠢ ᠴᠥᠮ ᠳᠡᠭᠡᠳᠦ ᠱᠠᠲᠤ᠂ ᠣᠯᠠᠨ ᠲᠦᠮᠡᠨ ᠪᠠ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ᠂ ᠠᠰᠠᠭᠤᠳᠠᠯ ᠤᠨ ᠬᠤᠭᠤᠷᠣᠨᠳᠣᠬᠢ ᠬᠤᠯᠪᠣᠭᠳᠠᠬᠤ ᠬᠡᠮᠵᠢᠶ᠎ᠡ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠵᠤ ᠮᠠᠭᠠᠳᠯᠠᠨ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠳᠠᠯᠢ ᠲᠦᠷᠦᠯ ᠤᠨ ᠠᠰᠠᠭᠤᠳᠠᠯ ᠠᠳᠠᠯᠢᠬᠠᠨ ᠬᠡᠷᠡᠭ ᠲᠠᠬᠢᠨ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃   ᠹᠠᠩ ᠷᠦᠢ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠵᠥᠪ ᠤᠳᠤᠷᠢᠳᠤᠮᠵᠢ ᠶᠢ ᠪᠤᠢ ᠪᠣᠯᠭᠠᠵᠤ ᠂ ᠡᠷᠡᠰ ᠰᠢᠭᠤᠷᠬᠠᠢ ᠪᠠᠷ ᠬᠠᠷᠢᠭᠤᠴᠠᠯᠭ᠎ᠠ ᠶᠢ ᠡᠭᠦᠷᠭᠡᠯᠡᠵᠦ᠂ ᠡᠭᠦᠷᠭᠡ ᠪᠠᠨ ᠬᠦᠴᠦᠲᠡᠢ ᠪᠥᠭᠡᠳ ᠪᠦᠲᠦᠮᠵᠢᠲᠡᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠵᠡᠷᠭᠡᠪᠡᠷ ᠭᠠᠷᠳᠠᠵᠦ᠂ ᠬᠠᠷᠢᠭᠤᠴᠠᠯᠭ᠎ᠠ ᠬᠤᠭᠤᠰᠣᠨ ᠪᠠᠶᠢᠬᠤ ᠶᠢ ᠤᠭᠳᠤ ᠵᠥᠪᠰᠢᠶᠡᠷᠡᠬᠦ ᠦᠭᠡᠢ᠂ ᠰᠠᠨᠠᠭᠠᠴᠢᠯᠠᠭ᠎ᠠ ᠦᠭᠡᠢ ᠪᠠᠷ ᠠᠷᠭᠠᠴᠠᠬᠤ᠂ ᠢᠳᠡᠪᠬᠢᠲᠡᠢ ᠪᠠᠷ ᠠᠵᠢᠯ ᠬᠢᠬᠦ ᠦᠭᠡᠢ ᠵᠡᠷᠭᠡ ᠦᠵᠡᠭᠳᠡᠯ ᠭᠠᠷᠬᠤ ᠶᠢ ᠡᠷᠡᠰ ᠬᠤᠷᠢᠭᠯᠠᠵᠤ ᠂ ᠬᠤᠶᠢᠷᠭᠤ ᠰᠡᠳᠬᠢᠬᠦᠢ ᠲᠠᠢ᠂ ᠬᠠᠷᠢᠭᠤᠴᠠᠯᠭ᠎ᠠ ᠡᠭᠦᠷᠭᠡᠯᠡᠬᠦ ᠪᠠᠷ ᠳᠤᠲᠠᠮᠠᠭ᠂ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠲᠤᠰᠢᠶᠠᠯ ᠢᠶᠠᠨ ᠭᠦᠢᠴᠡᠳᠬᠡᠭᠰᠡᠨ ᠢᠶᠠᠷ ᠳᠤᠲᠠᠭᠤᠳᠠᠭᠰᠠᠳ ᠢ ᠡᠴᠦᠰ ᠲᠤᠨᠢ ᠲᠤᠯᠲᠠᠯ᠎ᠠ ᠨᠡᠬᠡᠮᠵᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠃   ᠪᠢᠴᠢᠭᠲᠦ ᠳᠠᠬᠢᠨ ᠳᠠᠪᠲᠠᠨ ᠰᠤᠷᠪᠤᠯᠵᠢᠯᠠᠭᠰᠠᠨ ᠪᠠ ᠬᠠᠨᠤᠮᠵᠢ ᠦᠭᠡᠢ ᠬᠡᠷᠡᠭ ᠲᠤ ᠬᠠᠷᠢᠭᠤᠯᠲᠠ ᠥᠭᠭᠦᠭᠰᠡᠨ ᠪᠦᠬᠦᠯᠢ ᠴᠣᠭᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠤᠨ ᠰᠢᠶᠠᠩ ᠪᠠᠯᠭᠠᠰᠤ ᠨᠢ ᠪᠣᠳᠠᠲᠠᠢ ᠠᠰᠠᠭᠤᠳᠠᠯ ᠤᠨ ᠲᠤᠬᠠᠢ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠦᠯ ᠢ ᠳᠤᠷᠠᠳᠤᠨ ᠭᠠᠷᠭᠠᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号