ᠪᠥᠬᠦ ᠬᠤᠰᠢᠭᠤᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/21
ᠪᠥᠬᠦ ᠬᠤᠰᠢᠭᠤᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ   4 ᠰᠠᠷ᠎ᠠ ᠶᠢᠨ 20 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠵᠣᠤ ᠶᠠᠨ  ᠬᠤᠩ ᠬᠤᠷᠠᠯ ᠡᠷᠭᠢᠯᠠᠨ ᠶᠠᠷᠢᠶ᠎ᠠ ᠲᠠᠯᠪᠢᠵᠠᠶ᠃ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠶ ᠶᠢᠨ ᠬᠤᠷᠢᠭ᠎ᠠ ᠱᠤᠭᠤᠮ ᠢ ᠪᠠᠲᠤ ᠰᠠᠬᠢᠬᠤ᠂ ᠭᠠᠵᠠᠷ ᠬᠡᠷᠡᠭᠯᠡᠬᠦ ᠶᠢ ᠬᠠᠤᠯᠢ ᠶᠣᠰᠣᠭᠠᠷ ᠵᠢᠷᠤᠮᠵᠢᠭᠤᠯᠬᠤ ᠶᠢ ᠥᠪᠡᠷ ᠤᠨ ᠭᠦᠢᠴᠡᠳᠬᠡᠪᠡᠰᠦ ᠵᠣᠬᠢᠬᠤ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠦᠨᠡᠨ ᠬᠦ ᠪᠡᠶᠡᠯᠡᠭᠦᠯᠵᠦ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠢ ᠴᠡᠭᠴᠡᠯᠡᠨ ᠵᠠᠰᠠᠬᠤ ᠶᠢ ᠰᠢ ᠶᠢᠨ ᠫᠢᠩ ᠶᠡᠷᠦᠩᠬᠡᠶ ᠱᠦᠵᠢ ᠶᠢᠨ ᠭᠠᠵᠠᠷ ᠰᠢᠷᠣᠶ ᠶᠢᠨ ᠬᠠᠮᠢᠶᠠᠷᠤᠯᠲᠠ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠬᠠᠶ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠬᠤ ᠬᠡᠷᠡᠭᠲᠡᠶ᠃   ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠨᠢᠭᠡᠴᠡ ᠶᠢᠨ ᠬᠢᠨ ᠡᠭᠦᠷᠭᠡ ᠶᠢᠨ ᠱᠠᠭᠠᠷᠳᠠᠯᠭ᠎ᠠ ᠪᠠᠨ ᠲᠣᠳᠣᠷᠬᠠᠶᠢᠯᠠᠵᠤ ᠂ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠠᠷᠢᠨ ᠳᠠᠩᠰᠠᠴᠢᠯᠠᠬᠤ᠂ ᠬᠦᠰᠦᠨᠦᠭᠵᠢᠭᠦᠯᠬᠦ ᠠᠷᠭ᠎ᠠ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠳᠦᠷᠢᠮ ᠠᠴᠠ ᠵᠥᠷᠢᠴᠡᠭᠰᠡᠨ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠬᠦ ᠬᠡᠷᠡᠭᠲᠡᠢ︔ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ᠂ ᠰᠠᠬᠢᠯᠭ᠎ᠠ ᠪᠠᠲᠤ ᠶᠣᠰᠣᠭᠠᠷ ᠰᠠᠶᠢᠲᠤᠷ ᠬᠢᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠯᠭᠠᠰᠤ᠂ ᠲᠣᠰᠬᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠲᠣᠰᠬᠤᠨ ᠤ ᠱᠠᠲᠤᠨ ᠤ ᠬᠦᠴᠦᠨ ᠢ ᠦᠨᠡᠨᠬᠦ ᠰᠠᠶᠢᠲᠤᠷ ᠬᠡᠷᠡᠭᠯᠡᠵᠦ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃   ᠬᠤᠷᠠᠯ ᠳᠡᠭᠡᠷ᠎ᠡ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠨᠢᠦ ᠵᠢᠶᠠ ᠢᠩᠽᠢ ᠪᠠᠯᠭᠠᠰᠤᠨ ᠤ ᠭᠤᠤᠯ ᠬᠠᠷᠢᠭᠤᠴᠠᠯᠭᠠᠲᠠᠨ ᠣᠳᠣᠬᠠᠨ ᠤ ᠪᠥᠬᠦ ᠬᠤᠰᠢᠭᠤᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠭᠠᠵᠠᠷ ᠰᠢᠷᠣᠶ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠨᠢᠦ ᠵᠢᠶᠠ ᠢᠩᠽᠢ ᠪᠠᠯᠭᠠᠰᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠰᠢᠭᠦᠬᠦ ᠬᠤᠷᠢᠶ᠎ᠠ ᠪᠠ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号