ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠮᠠᠨ ᠤ ᠬᠤᠰᠢᠭᠤᠨ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳ᠋ᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/21
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠮᠠᠨ ᠤ ᠬᠤᠰᠢᠭᠤᠨ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳ᠋ᠦ ᠪᠠᠶᠢᠴᠠᠭᠠᠨ ᠰᠤᠳᠤᠯᠤᠯᠲᠠ ᠬᠢᠪᠡ   4 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠴᠡᠴᠡᠭ ᠨᠡᠷ ᠮᠠᠨ ᠤ ᠬᠤᠰᠢᠭᠤᠨ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠪᠠ᠃   ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠣᠶᠠᠯᠴᠡᠴᠡᠭ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢᠨ ᠵᠢᠩ ᠬᠤᠸᠠ᠂ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠢᠦᠶ ᠲᠢᠩ ᠪᠠᠷ᠎ᠠ ᠪᠣᠯᠪᠠ᠃ ᠬᠤᠰᠢᠭᠤᠨ ᠤ ᠤᠳᠤᠷᠢᠳᠤᠯᠭ᠎ᠠ ᠹᠠᠩ ᠷᠦᠢ᠂ ᠵᠠᠩ ᠬᠤᠸᠠ᠂ ᠰᠢᠤᠢ ᠵᠢᠶᠠᠨ ᠬᠤᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   ᠰᠠᠭᠤᠳᠠᠯ  ᠤᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠨᠥᠬᠦᠪᠥᠷᠢ ᠲᠣᠳᠣᠷᠬᠠᠶᠢᠯᠠᠯᠲᠠ ᠬᠢᠬᠦ ᠶᠢᠨ ᠬᠠᠮᠲᠤ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠶᠠᠷᠢᠯᠴᠠᠨ ᠰᠣᠯᠢᠯᠴᠠᠪᠠ᠃   ᠴᠡᠴᠡᠭ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠤᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠤᠨ ᠣᠯᠠᠨ ᠲᠦᠮᠡᠨᠴᠢ ᠱᠤᠭᠤᠮ ᠢ ᠲᠤᠤᠱᠯᠠᠭᠤᠯᠬᠤ ᠶᠢᠨ ᠬᠠᠮᠤᠭ ᠤᠨ ᠰᠢᠭᠤᠳ ᠢᠯᠡᠷᠡᠯ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠤᠨ ︽ᠰᠢᠯᠭᠠᠭᠤᠷ︾ ᠮᠥᠨ᠂ ᠣᠷᠣᠯᠠᠭᠤᠯᠵᠤ ᠪᠣᠯᠤᠰᠢ ᠥᠬᠡᠶ ᠴᠢᠬᠤᠯᠠ ᠦᠢᠯᠡᠳᠦᠯ ᠪᠠ ᠪᠠᠶᠢᠷᠢ ᠰᠠᠭᠤᠷᠢ ᠲᠠᠢ︔ ᠡᠨᠡ ᠪᠣᠯ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠤᠲᠠᠯᠠᠵᠤ ᠪᠠᠶᠢᠭ᠎ᠠ ᠶᠠᠪᠤᠳᠠᠯ ᠮᠥᠨ ᠃ ᠬᠠᠷᠠᠴᠢᠨ ᠬᠤᠰᠢᠭᠤᠨ ᠤ ᠤᠳᠤᠷᠢᠳᠬᠤ ᠨᠥᠬᠦᠳ ᠣᠯᠠᠨ ᠵᠢᠯ ᠤᠨ ᠲᠤᠷᠰᠢ ᠬᠠᠤᠯᠢ ᠶᠣᠰᠣᠭᠠᠷ ᠰᠤᠷᠪᠤᠯᠵᠢᠯᠠᠭ᠎ᠠ ᠶᠢ ᠵᠠᠰᠠᠬᠤ ᠣᠶᠢᠯᠠᠭᠠᠭᠳᠠᠬᠤᠨ ᠢ ᠪᠠᠷᠢᠮᠲᠠᠯᠠᠨ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠡᠳᠬᠢᠴᠡ ᠲᠣᠳᠣᠷᠬᠠᠶ᠂ ᠠᠷᠭ᠎ᠠ ᠬᠡᠮᠵᠢᠶ᠎ᠡ ᠣᠨᠣᠪᠴᠢᠲᠠᠶ᠂ ᠦᠷ᠎ᠡ ᠪᠦᠲᠦᠮᠵᠢ ᠢᠯᠡᠷᠬᠡᠶ ᠪᠠᠶᠢᠵᠤ᠂ ᠪᠥᠬᠦ ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠦᠴᠦᠲᠡᠶ ᠬᠠᠮᠠᠭᠠᠯᠠᠭᠰᠠᠨ ᠪᠠᠶᠢᠨ᠎ᠠ᠃   ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠶ ᠴᠡᠴᠡᠭ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠬᠤᠯᠠ ᠴᠢᠨᠠᠷ ᠢ ᠲᠣᠳᠣᠷᠬᠠᠶᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠲᠣᠭᠲᠠᠭᠤᠨ ᠪᠠᠶᠢᠯᠭᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ︽ᠭᠤᠷᠪᠠ ᠶᠢ ᠪᠣᠳᠠᠲᠠᠶᠢᠵᠢᠭᠤᠯᠵᠤ᠂ ᠨᠢᠭᠡ ᠶᠢ ᠰᠢᠢᠳᠪᠦᠷᠢᠯᠡᠬᠦ ︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ ᠤᠴᠢᠷ ᠶᠠᠪᠤᠳᠠᠯ ᠢ ᠰᠢᠢᠳᠪᠦᠷᠢᠯᠡᠬᠦ ᠶᠢ ᠳᠥᠯᠭᠢᠨ ᠠᠬᠢᠭᠤᠯᠬᠤ ᠬᠡᠷᠡᠭᠲᠡᠶ᠃ ᠡᠭᠦᠨ ᠦ ᠬᠠᠮᠲᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠠᠩᠬᠠᠷᠤᠨ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠵᠥᠷᠢᠴᠡᠯ ᠰᠢᠷᠦᠭᠦᠰᠬᠦ ᠶᠢ ᠰᠡᠷᠭᠡᠶᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠶ᠃   ᠹᠠᠩ ᠷᠦᠢ ᠢᠯᠡᠷᠬᠡᠶᠢᠯᠡᠬᠦ ᠳᠡᠭᠡᠨ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠲᠤ ᠴᠢᠭᠯᠡᠭᠦᠯᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ ᠦᠷᠭᠦᠯᠵᠢᠯᠡᠨ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠢᠨᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠢᠳᠡᠪᠬᠢᠲᠡᠶ ᠪᠠᠷ ᠬᠠᠷᠢᠭᠤ ᠲᠤᠰᠬᠠᠵᠤ᠂ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠪᠠᠲᠤᠯᠠᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号