ᠮᠠᠨ ᠤ ᠬᠤᠰᠢᠭᠤ ᠬᠠᠪᠤᠷ ᠤᠨ ᠲᠠᠷᠢᠶᠠᠯᠠᠭ᠎ᠠ ᠶᠢ ᠪᠥᠬᠦ ᠬᠦᠴᠦᠨ ᠢᠶᠠᠷ ᠪᠠᠲᠤᠯᠠᠨ᠎ᠠ
ᠨᠡᠶᠢᠲᠡᠯᠡᠭᠰᠡᠨ ᠴᠠᠭ᠄
2022/4/22
ᠮᠠᠨ ᠤ ᠬᠤᠰᠢᠭᠤ ᠬᠠᠪᠤᠷ ᠤᠨ ᠲᠠᠷᠢᠶᠠᠯᠠᠭ᠎ᠠ ᠶᠢ ᠪᠥᠬᠦ ᠬᠦᠴᠦᠨ ᠢᠶᠠᠷ ᠪᠠᠲᠤᠯᠠᠨ᠎ᠠ   4 ᠰᠠᠷ᠎ᠠ ᠶᠢᠨ 20 ᠤ ᠡᠳᠦᠷ ᠪᠣᠯ ᠶᠠᠭ ᠰᠠᠶᠢᠬᠠᠨ ᠬᠤᠷᠢᠨ ᠲᠦᠷᠪᠡᠨ ᠤᠯᠠᠷᠢᠯ ᠤᠨ ᠬᠤᠷ᠎ᠠ ᠪᠤᠷᠤᠭᠠᠨ ᠪᠣᠯᠬᠤ ᠪᠥᠭᠡᠳ ᠬᠠᠪᠤᠷ ᠤᠨ ᠲᠠᠷᠢᠶᠠᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠬᠦ ᠴᠠᠭ ᠪᠣᠯᠤᠨ᠎ᠠ᠃ ᠣᠶᠢᠷ᠎ᠠ ᠶᠢᠨ ᠡᠳᠦᠷ ᠤᠳ ᠲᠤ᠂ ᠮᠠᠨ ᠤ ᠬᠤᠰᠢᠭᠤᠨ ᠤ ᠡᠯ᠎ᠡ ᠭᠠᠵᠠᠷ ᠤᠨ ᠬᠢᠨ ᠲᠠᠷᠢᠶ᠎ᠠ ᠲᠠᠷᠢᠬᠤ᠂ ᠰᠢᠷᠣᠶ ᠤᠷᠪᠠᠭᠤᠯᠬᠤ᠂ ᠪᠣᠷᠲᠣᠭᠤᠷ ᠨᠡᠮᠡᠬᠦ ᠵᠡᠷᠭᠡ ᠲᠠᠷᠢᠶᠠᠯᠠᠩ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠶᠢᠨ ᠬᠠᠮᠲᠤ᠂ ᠲᠤᠩᠭᠠᠯᠠᠭ ᠰᠠᠶᠢᠬᠠᠨ ᠴᠠᠭ ᠠᠭᠤᠷ ᠢ ᠵᠠᠪᠳᠤᠨ ᠠᠳᠬᠤᠵᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠪᠣᠯᠪᠠᠰᠤᠷᠠᠭᠤᠯᠬᠤ᠂ ᠬᠠᠲᠠᠭᠠᠬᠤ ᠠᠵᠢᠯ ᠬᠢᠵᠦ᠂ ᠲᠠᠷᠢᠶᠠᠨ ᠴᠠᠭ ᠢ ᠰᠠᠭᠠᠲᠠᠭᠠᠬᠤ ᠥᠬᠡᠶ ᠬᠠᠪᠤᠷ ᠤᠨ ᠲᠠᠷᠢᠶᠠᠯᠠᠭ᠎ᠠ ᠶᠢ ᠰᠠᠭᠠᠲᠠᠭᠠᠬᠤ ᠥᠬᠡᠶ ᠪᠠᠶᠢᠬᠤ ᠶᠢ ᠦᠨᠡᠨ ᠬᠦ ᠪᠡᠶᠡᠯᠡᠭᠦᠯᠵᠦ ᠪᠠᠶᠢᠨ᠎ᠠ᠃   ᠣᠶᠢᠷ᠎ᠠ ᠶᠢᠨ ᠵᠢᠯ ᠤᠳ ᠲᠤ᠂ ᠨᠢᠦ ᠵᠢᠶᠠ ᠢᠩᠽᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠳᠥᠯᠭᠢᠨ ᠠᠬᠢᠭᠤᠯᠵᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠤᠨᠴᠠᠯᠢᠭᠳᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠪᠠ᠃ ᠢᠯᠠᠩᠭᠤᠶ᠎ᠠ 2021 ᠣᠨ ᠤ 10 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠨᠢᠦ ᠵᠢᠶᠠ ᠢᠩᠽᠢ ᠪᠠᠯᠭᠠᠰᠤᠨ ᠳᠤ ᠠᠮᠵᠢᠯᠲᠠ ᠲᠠᠢ ᠡᠷᠭᠢᠯᠡᠵᠦ᠂ ᠨᠢᠦ ᠵᠢᠶᠠ ᠢᠩᠽᠢ ᠪᠠᠯᠭᠠᠰᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠳᠤ ᠥᠷᠨᠢᠭᠦᠨ ᠪᠠᠳᠠᠷᠠᠩᠭᠤᠶ ᠬᠥᠳᠡᠯᠭᠡᠬᠦ ᠬᠦᠴᠦᠨ ᠨᠡᠮᠡᠷᠢᠯᠡᠪᠡ᠃   ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠢᠦ ᠵᠢᠶᠠ ᠢᠩᠽᠢ ᠪᠠᠯᠭᠠᠰᠤ ᠪᠣᠳᠠᠲᠠᠶ ᠠᠷᠭ᠎ᠠ ᠬᠡᠮᠵᠢᠶ᠎ᠡ ᠠᠪᠴᠤ᠂ ᠨᠢᠦ ᠵᠢᠶᠠ ᠢᠩᠽᠢ ᠪᠠᠯᠭᠠᠰᠤᠨ ᠤ ᠨᠠᠮ ᠤᠨ ᠪᠠᠶᠢᠭᠤᠯᠤᠯᠲᠠ ᠪᠠᠷ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠢ ᠨᠢᠭᠡ ᠴᠤᠭᠴᠠᠵᠢᠭᠤᠯᠤᠨ ᠬᠥᠭᠵᠢᠭᠦᠯᠬᠦ ᠲᠠᠪᠴᠠᠩ ᠢ ᠪᠠᠶᠢᠭᠤᠯᠵᠤ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ 22 ᠪᠦᠷᠢᠯᠳᠦᠬᠦᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠳᠠᠷᠢᠬᠤ᠂ ᠦᠢᠯᠡᠳᠪᠦᠷᠢᠯᠡᠬᠦ ᠂ ᠪᠣᠷᠣᠯᠠᠭᠤᠯᠬᠤ ᠂ ᠦᠢᠯᠡᠴᠢᠯᠡᠬᠦ 4 ᠰᠠᠭᠤᠷᠢᠨ ᠭᠠᠵᠠᠷ ᠲᠤ ᠠᠭᠤᠰᠬᠠᠵᠤ᠂ ᠨᠡᠶᠢᠲᠡ 7000 ᠭᠠᠷᠤᠶ ᠳᠠᠷᠢᠬᠤ ᠡᠷᠦᠬᠡ᠂ 262 ᠲᠤᠰᠬᠠᠶ ᠬᠤᠷᠰᠢᠶ᠎ᠠ᠂ 61 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 25 ᠡᠮ ᠤᠨ ᠮᠠᠲ᠋ᠧᠷᠢᠶᠠᠯ ᠤᠨ ᠠᠵᠤ ᠠᠬᠤᠶᠢᠯᠠᠯ ᠢ ᠰᠢᠩᠭᠡᠭᠡᠨ ᠠᠪᠤᠭᠰᠠᠨ ᠪᠠᠶᠢᠨ᠎ᠠ᠃   ᠲᠠᠷᠢᠶᠠᠯᠠᠩ ᠤᠨ ᠬᠡᠷᠡᠭᠰᠡᠯ ᠤᠨ ᠨᠥᠭᠡᠴᠡᠯᠡᠯᠲᠡ ᠶᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠤ ᠬᠢᠨ ᠬᠠᠪᠤᠷ ᠤᠨ ᠲᠠᠷᠢᠶᠠᠯᠠᠭ᠎ᠠ ᠶᠢᠨ ᠪᠣᠳᠠᠲᠠᠶ ᠪᠠᠶᠢᠳᠠᠯ ᠳᠤ ᠴᠢᠭᠯᠡᠭᠦᠯᠦᠨ᠂ ᠡᠯ᠎ᠡ ᠲᠥᠷᠥᠯ ᠤᠨ ᠦᠷ᠎ᠡ ᠶᠢ ᠨᠡᠶᠢᠲᠡ 1342 ᠲᠣᠨ ᠨᠥᠭᠡᠴᠡᠯᠡᠵᠦ᠂ ᠬᠢᠮᠢ ᠶᠢᠨ ᠪᠣᠷᠲᠣᠭᠤᠷ 3.43 ᠲᠦᠮᠡᠨ ᠲᠣᠨ᠂ ᠲᠠᠷᠢᠶᠠᠨ ᠡᠮ 21 ᠲᠦᠮᠡᠨ ᠲᠣᠨ ᠨᠥᠭᠡᠴᠡᠯᠡᠵᠦ᠂ ᠬᠠᠪᠤᠷ ᠤᠨ ᠲᠠᠷᠢᠶᠠᠯᠠᠭ᠎ᠠ ᠶᠢᠨ ᠬᠠᠩᠭᠠᠯᠭ᠎ᠠ ᠶᠢᠨ ᠬᠡᠷᠡᠭᠴᠡᠭᠡ ᠶᠢ ᠪᠠᠲᠤᠯᠠᠵᠤ ᠴᠢᠳᠠᠨ᠎ᠠ᠃ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠷᠢᠶᠠᠯᠠᠩ ᠤᠨ ᠬᠡᠷᠡᠭᠰᠡᠯ ᠢ ᠰᠢᠯᠵᠢᠭᠦᠯᠦᠨ ᠵᠥᠭᠡᠭᠡᠪᠦᠷᠢᠯᠡᠬᠦ᠂ ᠦᠢᠯᠡᠳᠪᠦᠷᠢᠯᠡᠯ ᠤᠨ ᠣᠷᠣᠭᠤᠯᠤᠯᠲᠠ᠂ ᠴᠠᠭ ᠠᠭᠤᠷ ᠤᠨ ᠪᠠᠶᠢᠳᠠᠯ᠂ ᠬᠠᠪᠤᠷ ᠤᠨ ᠲᠠᠷᠢᠶᠠᠯᠠᠭ᠎ᠠ ᠶᠢᠨ ᠠᠬᠢᠴᠠ᠂ ᠮᠡᠷᠭᠡᠵᠢᠯ ᠤᠨ ᠳᠡᠯᠭᠡᠷᠡᠭᠦᠯᠦᠯᠲᠡ ᠵᠡᠷᠭᠡ ᠠᠵᠢᠯ ᠢ ᠴᠠᠭ ᠲᠤᠬᠠᠶ ᠳᠤᠨᠢ ᠡᠵᠡᠮᠰᠢᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠠᠷᠢᠶᠠᠨ ᠡᠮ ᠤᠨ ᠡᠵᠡᠩᠨᠡᠯᠲᠡ ᠶᠢᠨ ᠬᠤᠳᠠᠯᠳᠤᠭᠠᠴᠢᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠠᠮᠢᠳᠤ ᠪᠣᠳᠠᠰ ᠤᠨ ᠲᠠᠷᠢᠶᠠᠨ ᠡᠮ᠂ ᠡᠪᠡᠳᠴᠢᠨ ᠬᠤᠷᠣᠬᠠᠶ ᠶᠢᠨ ᠬᠥᠨᠥᠭᠡᠯ ᠢ ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠡᠳ᠋ ᠪᠣᠳᠠᠰ ᠤᠨ ᠲᠥᠬᠦᠭᠡᠷᠦᠮᠵᠢ ᠵᠡᠷᠭᠡ ᠶᠢ ᠬᠤᠳᠠᠯᠳᠤᠨ ᠣᠷᠣᠭᠤᠯᠵᠤ᠂ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠪᠠᠭᠤᠯᠭᠠᠵᠤ᠂ ᠮᠡᠷᠭᠡᠵᠢᠯ ᠢ ᠲᠠᠷᠢᠶᠠᠨ ᠭᠠᠵᠠᠷ ᠲᠤ ᠬᠦᠷᠭᠡᠭᠰᠡᠨ ᠰᠠᠭᠤᠷᠢᠨ ᠳᠡᠭᠡᠷ᠎ᠡ᠂ ᠪᠣᠯᠪᠠᠰᠤᠷᠠᠭᠤᠯᠤᠯ ᠤᠨ ᠠᠩᠭᠢ ᠡᠷᠭᠢᠯᠡᠬᠦ ᠪᠠᠷ ᠳᠠᠮᠵᠢᠭᠤᠯᠤᠨ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠰᠡᠳᠬᠦᠯ ᠤᠨ ᠰᠦᠯᠵᠢᠶ᠎ᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠭᠦᠯᠡᠨ ᠲᠠᠪᠴᠠᠩ ᠢ ᠠᠰᠢᠭᠯᠠᠨ ᠲᠠᠷᠢᠶᠠᠯᠠᠩ ᠤᠨ ᠮᠡᠷᠭᠡᠵᠢᠯ ᠤᠨ ᠤᠬᠠᠭᠤᠯᠭ᠎ᠠ ᠵᠢᠯᠣᠭᠤᠳᠣᠯᠭ᠎ᠠ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠣᠭᠲᠠᠭᠤᠨ ᠢᠶᠠᠷ ᠥᠷᠨᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号