ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/24
ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ    4 ᠰᠠᠷ᠎ᠠ ᠶᠢᠨ 24 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠨ ᠨᠢᠭᠡᠳᠦᠭᠡᠷ ᠤᠳᠠᠭ᠎ᠠ ᠶᠢᠨ ᠪᠠᠢᠩᠭᠤ  ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠵᠢᠴᠢ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠰᠤᠯᠠ ᠣᠷᠣᠯᠴᠠᠵᠠᠶ᠃    ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ‌‍ᠬᠢᠵᠠᠭᠠᠷᠯᠠᠬᠤ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠪᠠ ᠃ ᠬᠤᠷᠠᠯ ᠠᠴᠠ ᠵᠢᠭᠠᠵᠤ ᠭᠠᠷᠭᠠᠭᠰᠠᠨ ᠨᠢ᠂ 4 ᠰᠠᠷ᠎ᠠ ᠶᠢᠨ 10 ᠤ ᠡᠳᠦᠷ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠮᠠᠨ ᠤ ᠬᠤᠰᠢᠭᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢᠨ ᠶᠣᠰᠣᠭᠠᠷ ᠾᠧ ᠮᠧᠶ ᠲᠣᠭᠤᠷᠢᠭ ᠤᠨ 3 ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠠᠮᠵᠢᠯᠲᠠ ᠲᠠᠢ ᠪᠡᠶᠡᠯᠡᠭᠦᠯᠵᠦ᠂ ᠡᠮᠬᠢ ᠵᠢᠷᠤᠮ ᠲᠠᠢ᠂ ᠬᠤᠷᠳᠤᠴᠠ ᠲᠦᠷᠭᠡᠨ᠂ ᠴᠢᠨᠠᠷ ᠰᠠᠶᠢᠲᠠᠶ ᠲᠣᠭᠲᠠᠭᠰᠠᠨ ᠬᠠᠷᠠᠯᠲᠠ ᠶᠢ ᠪᠡᠶᠡᠯᠡᠭᠦᠯᠵᠦ᠂ ᠨᠤᠲᠠᠯᠠᠭᠤᠰᠢᠲᠠᠶ ᠦᠷ᠎ᠡ ᠪᠦᠲᠦᠮᠵᠢ ᠤᠯᠤᠭᠰᠠ ᠪᠠᠢᠨ᠎ᠠ ᠃ ᠬᠢᠵᠢᠭ ᠤᠨ ᠪᠠᠶᠢᠳᠠᠯ ᠢ ᠵᠢᠯᠣᠭᠤᠳᠬᠤ ᠰᠢᠰᠲ᠋ᠧᠮ ᠤᠨ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠦᠷᠭᠦᠯᠵᠢᠯᠡᠨ ᠪᠠᠷᠢᠮᠲᠠᠯᠠᠬᠤ ᠬᠡᠷᠡᠭᠲᠡᠶ᠃ ᠬᠤᠰᠢᠭᠤ ᠰᠢᠶᠠᠩ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ︽ 24 ᠴᠠᠭ ᠪᠠᠴᠢᠮ ᠪᠠᠶᠢᠳᠠᠯ ᠢ ᠵᠢᠵᠢᠭᠦᠷᠯᠡᠨ ᠰᠠᠬᠢᠬᠤ︾ ︽ᠡᠳᠦᠷ ᠤᠨ ᠮᠡᠳᠡᠭᠦᠯᠦᠯᠲᠡ︾ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 24 ᠴᠠᠭ ᠤᠨ ᠰᠢᠵᠢᠷ ᠠᠯᠲᠠᠨ ᠰᠢᠢᠳᠪᠦᠷᠢᠯᠡᠬᠦ ᠴᠠᠭ ᠢ  ᠴᠢᠩᠭ᠎ᠠ ᠠᠳᠬᠤᠨ᠂ ᠲᠠᠷᠬᠠᠭᠠᠯᠲᠠ ᠶᠢᠨ ᠲᠦᠭᠰᠢᠭᠦᠷᠢ ᠶᠢ ᠡᠷᠡᠰ ᠰᠢᠭᠤᠷᠬᠠᠶ ᠪᠠᠷ ᠲᠦᠷᠭᠡᠨ ᠲᠠᠰᠤᠯᠬᠤ ᠬᠡᠷᠡᠭᠲᠡᠶ︔ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠭᠠᠳᠠᠭᠠᠳᠤ ᠠᠴᠠ ᠣᠷᠣᠭᠤᠯᠬᠤ ᠪᠠ ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠤ ᠬᠤᠶᠠᠷ ᠭᠤᠤᠯᠳᠠᠯᠭ᠎ᠠ ᠶᠢ ᠴᠢᠩᠭ᠎ᠠ ᠠᠩᠬᠠᠷᠴᠤ᠂ ᠬᠦᠢᠲᠡᠨ ᠬᠡᠯᠬᠢᠶᠡᠲᠦ᠂ ᠬᠦᠢᠲᠡᠨ ᠬᠡᠯᠬᠢᠶᠡᠲᠦ ᠪᠤᠰᠤ ᠪᠠᠷᠠᠭ᠎ᠠ ᠵᠢᠴᠢ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠭᠡᠮ ᠬᠦᠴᠢᠯ ᠢ ᠪᠠᠶᠢᠴᠠᠭᠠᠨ ᠰᠢᠯᠭᠠᠬᠤ ᠪᠠ ᠠᠷᠢᠭᠤᠳᠬᠠᠨ ᠠᠷᠢᠯᠭᠠᠬᠤ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ 3 — 11 ᠨᠠᠰᠤᠨ ᠤ ᠬᠡᠤᠬᠡᠳ ᠪᠠ 60 ᠨᠠᠰᠤᠨ ᠠᠴᠠ ᠳᠡᠭᠡᠭᠰᠢᠬᠢ ᠬᠥᠮᠦᠰ ᠢ ᠭᠤᠤᠯᠳᠠᠯᠭ᠎ᠠ ᠲᠠᠢ ᠠᠩᠬᠠᠷᠴᠤ᠂ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ︽ᠨᠢᠭᠡ ᠳᠤ ᠨᠢᠭᠡ ᠪᠠᠷ︾ ᠲᠠᠷᠢᠯᠭ᠎ᠠ ᠬᠢᠭᠡᠳᠦᠶ ᠬᠥᠮᠦᠰ ᠢ ᠴᠢᠩᠭ᠎ᠠ ᠠᠩᠬᠠᠷᠴᠤ᠂ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ᠂ 4 ᠰᠠᠷ᠎ᠠ ᠶᠢᠨ 30 ᠤ ᠡᠳᠦᠷ ᠠᠴᠠ ᠡᠮᠦᠨ᠎ᠡ᠂ ᠪᠥᠬᠦ ᠠᠵᠢᠯᠲᠠᠨ ᠤ ᠸᠠᠺᠼᠢᠨ ᠤ ᠲᠠᠷᠢᠯᠭ᠎ᠠ ᠶᠢᠨ ᠨᠣᠷᠮ᠎ᠠ ᠶᠢ 88% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃     ᠬᠤᠷᠠᠯ ᠠᠴᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠰᠤᠨᠤᠰᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠳᠤᠲᠠᠭᠳᠠᠯ ᠢ ᠨᠢ ᠡᠷᠢᠵᠦ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠣᠳᠣᠬᠠᠨ ᠳᠤ ᠰᠢᠢᠳᠪᠦᠷᠢᠯᠡᠵᠦ ᠳᠡᠶᠢᠯᠬᠦ ᠦᠭᠡᠢ ᠪᠣᠯ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠪᠡᠶᠡᠯᠡᠭᠦᠯᠬᠦ ᠴᠠᠭ ᠤᠨ ᠬᠢᠵᠠᠭᠠᠷ ᠪᠣᠯᠤᠨ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ᠂ ᠲᠤᠰᠢᠶᠠᠭᠰᠠᠨ ᠠᠵᠢᠯ ᠤᠨ ᠡᠭᠦᠷᠭᠡ ᠶᠢ ᠥᠨᠳᠥᠷ ᠶᠠᠰᠤ ᠴᠢᠨᠠᠷ ᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠣᠬᠢᠴᠠᠭᠤᠯᠤᠨ ᠦᠢᠯᠡᠴᠢᠯᠡᠬᠦ ᠪᠠᠲᠤᠯᠠᠪᠤᠷᠢ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠳᠤᠬᠢᠷᠠᠭᠤᠯᠤᠯᠳᠠ ᠶᠢ ᠡᠷᠡᠰ ᠳᠠᠭᠠᠵᠤ᠂ ᠨᠠᠮᠴᠢ ᠴᠢᠨᠠᠷ ᠤᠨ ᠵᠠᠷᠴᠢᠮ ᠢ ᠪᠠᠲᠤᠳᠬᠠᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ᠂ ᠪᠦᠬᠦ ᠲᠠᠯ᠎ᠠ ᠪᠠᠷ ᠪᠠᠷᠢᠮᠵᠢᠶ᠎ᠡ ᠬᠦᠰᠦᠨᠦᠭᠲᠦ ᠲᠠᠢ ᠬᠠᠷᠭᠤᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨᠬᠦ ᠰᠠᠢᠲᠤᠷ ᠠᠳᠬᠠᠵᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃    ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠰᠤᠨᠤᠰᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ︽ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ︾ ᠪᠠᠷ ᠭᠤᠤᠯ ᠰᠢᠵᠢᠮ ᠪᠣᠯᠭᠠᠵᠤ᠂ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠰᠢᠲᠠᠮᠠᠬᠠᠶ ᠬᠡᠶ᠂ ᠭᠠᠯ ᠤᠨᠲᠠᠷᠠᠭᠠᠬᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠲᠦᠢᠯᠪᠤᠷᠢᠲᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠳᠡᠯ ᠤᠨ ᠬᠡᠮ ᠰᠣᠭᠤᠭ ᠢ ᠭᠠᠷᠬᠤ ᠠᠴᠠ ᠡᠮᠦᠨ᠎ᠡ ᠠᠷᠢᠯᠭᠠᠬᠤ ᠬᠡᠷᠡᠭᠲᠡᠶ︔ ᠠᠶᠤᠯᠭᠦᠶ ᠦᠢᠯᠡᠳᠪᠦᠷᠢᠯᠡᠯ ᠤᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号