ᠨᠠᠷᠢᠨ ᠪᠠᠯᠭᠠᠰᠤ᠄ ︽ᠭᠤᠷᠪᠠ ᠶᠢ ᠪᠣᠳᠠᠲᠠᠶᠢᠵᠢᠭᠤᠯᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠠᠷᠢᠮᠠᠯ᠂ ᠲᠡᠵᠢᠭᠡᠨ | ᠦᠷᠡᠵᠢᠭᠦᠯᠬᠦ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ | ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠨᠠᠷᠢᠨ ᠪᠠᠯᠭᠠᠰᠤ | ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠲᠥᠯᠥᠪᠵᠢᠭᠦᠯᠵᠦ᠂ ᠭᠤᠷᠪᠠᠨ | ᠲᠠᠯ᠎ᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠦᠷᠦᠯ ᠵᠦᠢᠯ ᠤᠨ ᠠᠵᠢᠯ ᠳᠠᠭᠤᠰᠤᠭᠰᠠᠨ ᠤ ᠳᠠᠷᠠᠭ᠎ᠠ ᠠᠷᠠᠳ ᠤᠯᠠᠨ ᠳᠤ ᠦᠨᠡᠨᠬᠦ ᠪᠤᠶᠠᠨ | ᠦᠢᠯᠡᠳᠬᠦ ᠶᠢ ᠪᠠᠲᠤᠯᠠᠬᠤ ᠬᠡᠷᠡᠭᠲᠡᠢ᠃ | ᠪᠡᠯᠡᠳᠬᠡᠯ ᠠᠵᠢᠯ ᠢ ᠪᠣᠳᠠᠲᠠᠶᠢᠵᠢᠭᠤᠯᠵᠤ᠂ ᠲᠦᠷᠦᠯ ᠵᠦᠢᠯ ᠤᠨ ᠵᠢᠷᠤᠭ ᠲᠥᠯᠥᠪᠯᠡᠭᠡ ᠶᠢ ᠰᠠᠶᠢᠲᠤᠷ ᠵᠢᠷᠤᠭᠯᠠᠨ᠎ᠠ | ᠃ᠨᠠᠷᠢᠨ ᠪᠠᠯᠭᠠᠰᠤ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠤᠢ ᠪᠣᠯᠭᠠᠵᠤ᠂ | ᠵᠢᠯ ᠤᠨ ᠡᠬᠢᠨ ᠳᠤ ᠡᠯ᠎ᠡ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ | ᠠᠩᠬᠢ ᠠᠴᠠ ᠲᠤᠰ ᠲᠣᠰᠬᠤᠨ ᠤ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠠᠭᠤᠯᠭ᠎ᠠ ᠵᠢᠴᠢ ᠪᠡᠯᠡ ᠮᠥᠩᠭᠦᠨ ᠤ ᠲᠥᠰᠦᠪ᠂ ᠪᠠᠯᠭᠠᠰᠤᠨ ᠤ ᠲᠦᠷᠦᠯ ᠵᠦᠢᠯ ᠤᠨ ᠠᠯᠪᠠᠨ ᠭᠡᠷ ᠵᠡᠷᠭᠡ ᠬᠠᠮᠢᠶ᠎ᠠ | ᠪᠦᠬᠦᠢ ᠦᠷᠳᠡᠭᠡ ᠭᠠᠵᠠᠷ ᠲᠤ ᠮᠡᠳᠡᠭᠦᠯᠦᠨ ᠬᠤᠷᠢᠶᠠᠩᠭᠤᠶᠢᠯᠠᠵᠤ᠂ ᠪᠠᠯᠭᠠᠰᠤᠨ ᠤ ᠨᠠᠮ ᠤᠨ | ᠬᠤᠷᠢᠶ᠎ᠡ ᠪᠠᠷ ᠰᠤᠳᠤᠯᠤᠭᠰᠠᠨ ᠤ ᠳᠠᠷᠠᠭ᠎ᠠ ᠲᠤᠰ ᠵᠢᠯ ᠤᠨ ᠲᠦᠷᠦᠯ ᠵᠦᠢᠯ ᠤᠨ ᠬᠥᠮᠥᠷᠭᠡ ᠶᠢᠨ | ᠨᠠᠷᠢᠨ ᠳᠠᠩᠰᠠ ᠶᠢ ᠪᠦᠷᠢᠯᠳᠦᠭᠦᠯᠵᠦ᠂ ᠬᠠᠮᠤᠭ ᠡᠴᠦᠰ ᠲᠤ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠲᠦᠷᠦᠯ | ᠵᠦᠢᠯ ᠤᠨ ᠬᠡᠷᠡᠭᠵᠢᠭᠦᠯᠬᠦ ᠲᠥᠰᠦᠯ ᠢ ᠮᠡᠳᠡᠭᠦᠯᠦᠨ ᠬᠦᠷᠭᠡᠵᠡᠢ᠃ ᠡᠨᠡ ᠬᠤᠭᠤᠴᠠᠭᠠᠨ ᠳᠤ ᠠᠯᠢ ᠴᠢᠳᠠᠬᠤ ᠪᠠᠷ ᠡᠯ᠎ᠡ | ᠠᠯᠬᠤᠮ ᠳᠠᠷᠠᠭ᠎ᠠ ᠶᠢ ᠴᠠᠭ ᠬᠤᠭᠤᠴᠠᠭᠠᠨ ᠤ ᠯᠣᠭᠢᠭ ᠲᠤ ᠨᠡᠶᠢᠴᠡᠭᠦᠯᠵᠦ᠂ ᠵᠠᠷᠯᠠᠨ ᠨᠡᠶᠢᠲᠡᠯᠡᠬᠦ ᠲᠠᠰ ᠳᠠᠷᠠᠭᠠᠯᠠᠯ ᠢ | ᠴᠢᠩᠭ᠎ᠠ ᠭᠦᠢᠴᠡᠳᠬᠡᠨ᠎ᠡ ᠃ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠲᠥᠷᠥᠯ ᠵᠦᠢᠯ ᠤᠨ ᠰᠠᠭᠤᠷᠢ ᠶᠢ | ᠪᠠᠲᠤᠳᠬᠠᠨ᠎ᠠ᠃ ᠨᠠᠷᠢᠨ ᠪᠠᠯᠭᠠᠰᠤ ᠲᠦᠷᠦᠯ ᠵᠦᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ | ᠳᠤᠭᠤᠶᠢᠯᠠᠩ ᠪᠠᠶᠢᠭᠤᠯᠵᠤ᠂ ᠳᠠᠭᠠᠭᠠᠴᠢᠯᠠᠯᠲᠠ ᠣᠯᠤᠭᠰᠠᠨ ᠠᠵᠤ ᠠᠬᠤᠶᠢᠯᠠᠯ ᠢ ᠱᠠᠯᠠᠪᠳᠠᠭᠤᠯᠤᠨ ᠵᠢᠯᠣᠭᠤᠳᠴᠤ | ᠪᠠᠶᠢᠭᠠᠳ ᠵᠢᠷᠤᠮᠵᠢᠯ ᠪᠣᠯᠤᠨ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠠᠯᠠᠪᠠᠢ ᠳᠤ ᠣᠷᠣᠵᠤ ᠪᠠᠷᠢᠯᠭ᠎ᠠ | ᠪᠠᠷᠢᠵᠤ᠂ ᠲᠦᠷᠦᠯ ᠵᠦᠢᠯ ᠤᠨ ᠰᠣᠯᠢᠯᠴᠠᠭᠠᠨ ᠤ ᠸᠢᠴᠠᠲ ᠶᠢᠨ ᠪᠦᠯᠦᠭᠯᠡᠯ ᠢ ᠪᠠᠶᠢᠭᠤᠯᠵᠤ᠂ ᠡᠳᠦᠷ ᠪᠦᠷᠢ | ᠪᠠᠷᠢᠯᠭ᠎ᠠ ᠶᠢᠨ ᠠᠬᠢᠴᠠ᠂ ᠪᠠᠷᠢᠯᠭ᠎ᠠ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠳᠡᠭᠡᠭᠰᠢ ᠮᠡᠳᠡᠭᠦᠯᠵᠦ᠂ | ᠪᠠᠷᠢᠯᠭ᠎ᠠ ᠶᠢᠨ ᠵᠠᠭᠤᠨ ᠤ ᠬᠠᠷᠢᠴᠠᠯ ᠪᠣᠯᠤᠨ ᠪᠠᠷᠢᠯᠭ᠎ᠠ ᠶᠢᠨ ᠡᠮᠦᠨᠡᠬᠢ ᠬᠤᠭᠤᠴᠠᠭ᠎ᠠ᠂ ᠳᠤᠮᠳᠠ ᠬᠤᠭᠤᠴᠠᠭ᠎ᠠ᠂ | ᠰᠡᠭᠦᠯᠴᠢ ᠶᠢᠨ ᠬᠤᠭᠤᠴᠠᠭᠠᠨ ᠤ ᠭᠡᠷᠡᠯ ᠵᠢᠷᠤᠭ ᠢ ᠪᠡᠶᠡᠯᠡᠭᠦᠯᠵᠦ᠂ ᠪᠠᠷᠢᠯᠭ᠎ᠠ ᠶᠢᠨ ᠠᠬᠢᠴᠠ ᠶᠢ ᠨᠢᠭᠲᠠ ᠮᠥᠷᠳᠡᠨ᠎ᠡ᠃ | ᠶᠠᠰᠤ ᠴᠢᠨᠠᠷ ᠲᠤ ᠬᠢᠨᠠᠯᠲᠠ ᠲᠠᠯᠪᠢᠬᠤ ᠳᠤᠭᠤᠶᠢᠯᠠᠩ ᠵᠢᠴᠢ ᠬᠢᠨᠠᠨ ᠬᠠᠮᠢᠶᠠᠷᠬᠤ ᠢᠨᠵᠧᠨᠧᠷ ᠨᠢ ᠲᠣᠭᠲᠠᠮᠠᠯ | ᠬᠤᠭᠤᠴᠠᠭ᠎ᠠ ᠲᠠᠢ ᠪᠠᠷ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠬᠦᠷᠴᠦ ᠶᠠᠰᠤ ᠴᠢᠨᠠᠷ ᠢ ᠡᠵᠡᠮᠳᠡᠵᠦ᠂ | ᠪᠠᠷᠢᠯᠭ᠎ᠠ ᠶᠢᠨ ᠶᠠᠰᠤ ᠴᠢᠨᠠᠷ ᠤᠨ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ | ᠬᠠᠮᠢᠶᠠᠷᠤᠯᠲᠠ ᠬᠠᠮᠠᠭᠠᠯᠠᠯᠲᠠ ᠡᠵᠡᠩᠨᠡᠯᠲᠡ ᠶᠢ ᠪᠣᠳᠠᠲᠠᠶᠢᠵᠢᠭᠤᠯᠵᠤ᠂ ᠲᠥᠷᠥᠯ ᠵᠦᠢᠯ ᠢ ᠪᠠᠲᠤᠯᠠᠬᠤ | ᠬᠡᠷᠡᠭᠲᠡᠶ᠃ ᠨᠠᠷᠢᠨ ᠪᠠᠯᠭᠠᠰᠤ ᠶᠢᠨ ᠬᠢᠨ ᠲᠦᠷᠦᠯ ᠵᠦᠢᠯ ᠤᠨ ᠠᠵᠢᠯ ᠳᠠᠭᠤᠰᠤᠭᠰᠠᠨ ᠤ ᠳᠠᠷᠠᠭᠠᠬᠢ | ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ | ᠲᠤᠰᠬᠠᠢ ᠠᠵᠢᠯ ᠤᠨ ᠬᠤᠷᠰᠢᠶ᠎ᠠ + ᠲᠣᠰᠬᠤᠨ ᠤ ᠠᠷᠠᠳ ᠤᠨ ᠵᠥᠪᠯᠡᠯ︾ ᠤᠨ ᠵᠠᠭᠪᠤᠷ ᠢ ᠬᠡᠷᠡᠭᠯᠡᠵᠦ᠂ ᠲᠦᠷᠦᠯ | ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ | ᠤᠯᠬᠤ ᠶᠢ ᠪᠠᠲᠤᠯᠠᠪᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠵᠦᠢᠯᠡᠰ ᠲᠤ ᠣᠷᠣᠭᠤᠯᠤᠭᠰᠠᠨ ᠪᠡᠯᠡ | ᠮᠥᠩᠭᠦ ᠶᠢᠨ ᠢᠶᠠᠨ 5% ᠪᠠᠷ ᠲᠠᠷᠢᠶᠠᠴᠢᠨ ᠡᠷᠦᠬᠡ ᠠᠴᠠ ᠲᠦᠷᠢᠶᠡᠰᠦᠯᠡᠯ ᠤᠨ ᠰᠦᠢᠳᠬᠡᠯ ᠬᠤᠷᠢᠶᠠᠵᠤ᠂ | ᠲᠦᠷᠦᠯ ᠵᠦᠢᠯ ᠤᠨ ᠠᠰᠢᠭ ᠣᠷᠣᠯᠭ᠎ᠠ ᠶᠢᠨ ᠮᠥᠩᠭᠦ ᠪᠣᠯᠭᠠᠵᠤ᠂ ᠪᠦᠬᠦ ᠪᠠᠯᠭᠠᠰᠤ ᠠᠴᠠ | ᠨᠢᠭᠡᠳᠦᠯᠲᠡᠶ ᠲᠥᠯᠥᠪᠯᠡᠨ ᠬᠤᠪᠢᠶᠠᠷᠢᠯᠠᠨ᠎ᠠ᠃ | ᠨᠠᠷᠢᠨ ᠪᠠᠯᠭᠠᠰᠤ ᠲᠣᠰ ᠵᠢᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 5 ᠲᠥᠷᠥᠯ | ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠳᠠᠷᠢᠵᠤ ᠲᠡᠵᠢᠭᠡᠨ ᠦᠷᠡᠵᠢᠭᠦᠯᠬᠦ ᠠᠵᠤ | ᠦᠢᠯᠡᠰ ᠤᠨ ᠲᠥᠷᠥᠯ ᠤᠨ ᠲᠥᠷᠥᠯ ᠵᠦᠢᠯ 3᠂ ᠵᠢᠵᠢᠭ ᠬᠡᠯᠪᠡᠷᠢ ᠶᠢᠨ ᠨᠡᠶᠢᠲᠡ ᠶᠢᠨ | ᠠᠰᠠᠷᠠᠮᠵᠢ ᠶᠢᠨ ᠲᠥᠷᠥᠯ ᠤᠨ ᠲᠥᠷᠥᠯ ᠵᠦᠢᠯ 2 ᠪᠠᠶᠢᠵᠤ᠂ ᠵᠣᠯᠭᠠᠭᠤᠯᠬᠤ ᠪᠠᠯᠠ ᠮᠥᠩᠭᠦ ᠵᠢᠴᠢ ᠪᠡᠭᠡᠵᠢᠩ | ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ ᠶᠢ ᠨᠡᠶᠢᠲᠡ 4120.58 ᠲᠦᠮᠡᠨ ᠲᠥᠭᠦᠷᠢᠭ ᠭᠤᠶᠤᠴᠢᠯᠠᠵᠠᠶ᠃ | ᠣᠲᠣ ᠪᠣᠯᠲᠠᠯ᠎ᠠ᠂ ᠨᠢᠭᠡᠨᠲᠡ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢᠶᠠᠨ ᠳᠡᠭᠡᠭᠰᠢ ᠮᠡᠳᠡᠭᠦᠯᠵᠦ᠂ | ᠶᠠᠭ ᠵᠢᠷᠤᠭ ᠲᠥᠯᠥᠪᠯᠡᠭᠡ ᠪᠠ ᠲᠥᠰᠦᠪ ᠤᠨ ᠬᠢᠨᠠᠨ ᠲᠣᠭᠲᠠᠭᠠᠯᠲᠠ ᠬᠢᠵᠦ ᠪᠠᠶᠢᠨ᠎ᠠ᠃ ᠵᠢᠱᠢᠯᠲᠡ ᠪᠠᠷ ᠪᠠᠯᠭᠠᠰᠤᠨ ᠤ | ᠳᠣᠲᠣᠷᠠᠬᠢ 60 ᠡᠷᠦᠬᠡ 242 ᠬᠥᠮᠦᠨ ᠢ ᠳᠠᠶᠢᠴᠢᠯᠠᠨ ᠠᠵᠤ ᠦᠢᠯᠡᠰ ᠢ ᠨᠢ ᠬᠥᠭᠵᠢᠭᠦᠯᠵᠦ᠂ ᠠᠰᠢᠭ | ᠭᠥᠷᠳᠡᠭᠰᠡᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠢᠴᠢ ᠬᠢᠨᠠᠨ ᠬᠡᠮᠵᠢᠭᠰᠡᠨ ᠬᠥᠮᠦᠨ ᠠᠮᠠ 213 ᠡᠷᠦᠬᠡ | ᠂ 530 ᠬᠥᠮᠦᠨ ᠳᠤ ᠬᠥᠷᠬᠦ ᠪᠣᠯᠤᠨ᠎ᠠ᠃ | |