ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠮᠠᠨ ᠤ ᠬᠤᠰᠢᠭᠤᠨ ᠳᠤ ᠬᠦᠷᠴᠦ ᠪᠤᠯᠪᠠᠰᠤᠨ ᠬᠤᠲᠠ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/28
ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠮᠠᠨ ᠤ ᠬᠤᠰᠢᠭᠤᠨ ᠳᠤ ᠬᠦᠷᠴᠦ ᠪᠤᠯᠪᠠᠰᠤᠨ ᠬᠤᠲᠠ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨᠰᠤᠳᠤᠯᠤᠯᠲᠠ ᠬᠢᠪᠡ    4 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠠᠶ ᠹᠠᠩ ᠮᠠᠨ ᠤ ᠬᠤᠰᠢᠭᠤᠨ ᠳᠤ ᠬᠦᠷᠴᠦ ᠪᠤᠯᠪᠠᠰᠤᠨ ᠬᠤᠲᠠ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠪᠠᠷ᠎ᠠ ᠪᠣᠯᠪᠠ᠃    ᠰᠦᠨ ᠠᠶ ᠹᠠᠩ ᠨᠠᠷ ᠤᠷᠢᠳ ᠬᠤᠵᠢᠳ ᠨᠢᠦ ᠵᠢᠶᠠᠢᠩᠽᠢ ᠪᠠᠯᠭᠠᠰᠤᠨ ᠤ ᠼᠠᠩ ᠵᠢᠶᠤᠤ ᠲᠣᠰᠬᠤᠨ᠂ ᠾᠧ ᠮᠧᠶ ᠨᠡᠶᠢᠭᠡᠮ ᠲᠣᠭᠤᠷᠢᠭ᠂ ᠢᠦᠶ ᠯᠦᠩ ᠨᠢᠰᠬᠡᠯ ᠤᠨ ᠪᠠᠭᠤᠳᠠᠯ᠂ ᠷᠦᠩ ᠰᠢᠩ ᠲᠠᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠪᠣᠯᠤᠨ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠬᠤᠲᠠ ᠪᠠᠶᠢᠭᠤᠯᠤᠭᠰᠠᠨ ᠵᠢᠴᠢ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠰ ᠪᠡᠶ᠎ᠡ ᠶᠢᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃    ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ᠂ ᠶᠠᠷᠢᠯᠴᠠᠬᠤ ᠬᠤᠷᠠᠯ ᠬᠤᠷᠠᠯᠳᠤᠭᠤᠯᠵᠤ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠦᠨ ᠠᠶ ᠹᠠᠩ ᠮᠠᠨ ᠤ ᠬᠤᠰᠢᠭᠤᠨ ᠤ ᠪᠤᠯᠪᠠᠰᠤᠨ ᠬᠤᠲᠠ ᠪᠠᠶᠢᠭᠤᠯᠬᠤ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠴᠢᠬᠤᠯᠠᠴᠢᠯᠠᠭᠰᠠᠨ ᠨᠢ᠂ ᠪᠤᠯᠪᠠᠰᠤᠨ ᠬᠤᠲᠠ ᠪᠠᠶᠢᠭᠤᠯᠬᠤ ᠠᠵᠢᠯ ᠤᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ ᠠᠴᠠ ᠬᠤᠶᠠᠷ ᠢ ᠮᠡᠳᠡᠵᠦ᠂ ᠪᠠᠷᠢᠮᠵᠢᠶ᠎ᠠ ᠶᠢ ᠬᠠᠷᠭᠤᠭᠤᠯᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠣᠷᠣᠨ ᠪᠠᠶᠢᠷᠢ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠤᠯᠪᠠᠰᠤᠨ ᠬᠤᠲᠠ ᠪᠠᠶᠢᠭᠤᠯᠬᠤ ᠪᠣᠳᠠᠲᠤ ᠦᠷ᠎ᠡ ᠪᠦᠲᠦᠮᠵᠢ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠦᠨᠵᠡᠭᠡᠢ ᠲᠤᠩᠭᠠᠨ ᠪᠣᠳᠣᠯᠬᠢᠯᠠᠵᠤ᠂ ᠴᠢᠭᠯᠡᠯ ᠢᠶᠠᠨ ᠲᠣᠳᠣᠷᠬᠠᠢ ᠪᠣᠯᠭᠠᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠤᠯᠠᠮ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠪᠤᠯᠪᠠᠰᠤᠨ ᠬᠤᠲᠠ ᠪᠠᠶᠢᠭᠤᠯᠬᠤ ᠠᠵᠢᠯ ᠳᠤ ᠣᠷᠣᠯᠴᠠᠬᠤ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ᠂ ᠣᠷᠣᠯᠴᠠᠬᠤ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠰᠠᠭᠤᠳᠠᠯ ᠤᠨ ᠬᠤᠷᠠᠯ ᠳᠡᠭᠡᠷ᠎ᠡ᠂ ᠹᠠᠩ ᠷᠦᠢ ᠮᠠᠨ ᠤ ᠬᠤᠰᠢᠭᠤᠨ ᠤ ᠪᠤᠯᠪᠠᠰᠤᠨ ᠬᠤᠲᠠ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠢᠯᠡᠷᠬᠡᠶᠢᠯᠡᠬᠦ ᠳᠡᠭᠡᠨ᠂ ᠮᠠᠨ ᠤ ᠬᠤᠰᠢᠭᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠤᠯᠪᠠᠰᠤᠨ ᠬᠤᠲᠠ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ︽ᠬᠥᠮᠦᠨ ᠪᠣᠯᠭᠠᠨ ᠪᠤᠯᠪᠠᠰᠤᠨ ᠬᠤᠲᠠ ᠪᠠᠶᠢᠭᠤᠯᠬᠤ ᠳᠤ ᠣᠷᠣᠯᠴᠠᠵᠤ᠂ ᠪᠣᠯᠪᠠᠰᠤᠨ ᠢᠶᠠᠷ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠤᠯᠪᠠᠰᠤᠨ ᠬᠤᠲᠠ ᠪᠠᠶᠢᠭᠤᠯᠬᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠤᠨ᠎ᠠ ᠭᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号