ᠵᠢᠨᠱᠠᠨ ᠪᠠᠯᠭᠠᠰᠤ᠄ ᠲᠠᠩᠰᠤᠭ ᠰᠠᠶᠢᠬᠠᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠠᠮᠢᠳᠤᠷᠠᠯ ᠳ᠋ᠦ ᠬᠡᠷᠡᠯ ᠭᠢᠯᠪᠠᠭ᠎ᠠ ᠰᠠᠴᠤᠷᠠᠭᠤᠯᠤᠨ᠎ᠠ
ᠨᠡᠶᠢᠲᠡᠯᠡᠭᠰᠡᠨ ᠴᠠᠭ᠄
2022/4/29
ᠵᠢᠨᠱᠠᠨ ᠪᠠᠯᠭᠠᠰᠤ᠄ ᠲᠠᠩᠰᠤᠭ ᠰᠠᠶᠢᠬᠠᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠠᠮᠢᠳᠤᠷᠠᠯ ᠳ᠋ᠦ ᠬᠡᠷᠡᠯ ᠭᠢᠯᠪᠠᠭ᠎ᠠ ᠰᠠᠴᠤᠷᠠᠭᠤᠯᠤᠨ᠎ᠠ    ᠡᠨᠡ ᠵᠢᠯ ᠠᠴᠠ ᠨᠠᠰᠢ᠂ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠵᠢᠨᠱᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠡᠭᠡ ᠶᠢᠨ ᠭᠠᠵᠠᠷ ᠠᠴᠠ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠠᠯᠢ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    4 ᠰᠠᠷ᠎ᠠ ᠶᠢᠨ 27 ᠤ ᠡᠳᠦᠷ᠂ ᠨᠦᠬᠡᠲᠦ ᠶᠢᠨ ᠠᠮᠠᠨ ᠭᠠᠴᠠᠭ᠎ᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠦᠬᠡᠳᠦ ᠶᠢᠨ ᠠᠮᠠᠨ ᠭᠠᠴᠠᠭᠠᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠲᠠᠢ ᠬᠠᠮᠲᠤᠷᠠᠨ ︽ᠬᠡᠦᠬᠡᠳ ᠤᠨ ᠰᠡᠳᠬᠢᠯ ᠢᠶᠠᠷ ᠨᠠᠮ ᠳᠤ ᠬᠠᠨᠳᠤᠬᠤ︾ ᠪᠢᠴᠢᠯ ᠬᠢᠴᠢᠶᠡᠯ ᠤᠨ ᠲᠠᠩᠬᠢᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠰᠠᠶᠢᠨ ᠳᠤᠷ᠎ᠠ ᠶᠢᠨ ᠠᠵᠢᠯᠯᠠᠭᠴᠢ ᠬᠡᠦᠬᠡᠳ ᠤᠳ ᠲᠤ ︽ᠵᠥᠷᠢᠭᠦᠳ ᠪᠢᠴᠢᠬᠠᠨ ᠤᠯᠠᠭᠠᠨ ᠴᠡᠷᠢᠭ︾᠂ ︽ᠭᠢᠯᠠᠯᠵᠠᠭᠰᠠᠨ ᠤᠯᠠᠭᠠᠨ ᠤᠳᠤᠨ︾ ᠵᠡᠷᠭᠡ ᠦᠯᠢᠭᠡᠷ ᠢ ᠶᠠᠷᠢᠵᠤ᠂ ᠬᠡᠦᠬᠡᠳ ᠤᠳ ᠲᠠᠢ ᠬᠠᠮᠲᠤ ᠪᠠᠷ ᠬᠤᠪᠢᠰᠬᠠᠯ ᠤᠨ ᠰᠣᠩᠭᠤᠳᠠᠭ ᠪᠦᠲᠦᠭᠡᠯ ᠢ ᠬᠤᠪᠢᠶᠠᠯᠴᠠᠵᠤ᠂ ᠬᠡᠦᠬᠡᠳ ᠤᠳ ᠢ ᠦᠯᠢᠭᠡᠷ ᠠᠴᠠ ᠰᠢᠯᠢᠳᠡᠭ ᠵᠠᠩ ᠰᠤᠷᠲᠠᠯ ᠪᠠ ᠵᠣᠷᠢᠭ ᠰᠠᠨᠠᠭ᠎ᠠ ᠶᠢ ᠰᠤᠷᠤᠯᠴᠠᠵᠤ᠂ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃    ᠬᠡᠦᠬᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠬᠡᠦᠬᠡᠳ ᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠨᠡᠶᠢᠭᠡᠮ ᠳᠡᠭᠡᠷᠡᠬᠢ ᠤᠬᠠᠭᠤᠯᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠵᠢᠨᠱᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠤᠳᠠᠳᠦ ᠠᠵᠢᠯᠠᠯᠭ᠎ᠠ ᠦᠷᠨᠢᠭᠦᠯᠵᠦ ᠰᠠᠶᠢᠨ ᠳᠤᠷ᠎ᠠ ᠶᠢᠨ ᠠᠵᠢᠯᠯᠠᠭᠴᠢ ᠬᠡᠦᠬᠡᠳ ᠤᠳ ᠲᠤ ᠬᠤᠭ ᠨᠣᠪᠰᠢ ᠶᠢ ᠲᠦᠷᠦᠯ ᠬᠤᠪᠢᠶᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠬᠡᠦᠬᠡᠳ ᠢ ᠳᠠᠭᠠᠭᠤᠯᠤᠨ ᠵᠡᠭᠡᠯᠢ ᠳᠤ ᠭᠠᠷᠴᠤ᠂ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠡᠶᠡᠴᠢᠯᠡᠨ ᠣᠶᠢᠯᠠᠭᠠᠪᠠ᠃    ︽5 · 1︾ ᠤ ᠬᠥᠳᠡᠯᠮᠦᠷᠢᠴᠢᠳ ᠤᠨ ᠪᠠᠶᠠᠷ ᠤᠨ ᠡᠳᠦᠷ᠂ ᠬᠡᠦᠬᠡᠳ ᠲᠤ ᠬᠥᠳᠡᠯᠮᠦᠷᠢ ᠶᠢᠨ ᠬᠠᠪᠤ ᠴᠡᠩᠭᠡᠯ ᠢ ᠡᠳ᠋ᠯᠡᠭᠦᠯᠵᠦ᠂ ᠬᠡᠦᠬᠡᠳ ᠤᠨ ᠭᠡᠷ ᠤᠨ ᠠᠬᠠᠮᠠᠳ ᠯᠤᠭ᠎ᠠ ᠶᠢᠨ ᠬᠠᠷᠢᠯᠴᠠᠭ᠎ᠠ ᠶᠢ ᠴᠢᠩᠭᠠᠳᠬᠠᠵᠤ᠂ ᠪᠠᠶᠢᠭᠠᠯᠢ ᠶᠢ ᠬᠠᠶᠢᠷᠠᠯᠠᠬᠤ᠂ ᠬᠥᠳᠡᠯᠮᠦᠷᠢ ᠶᠢ ᠬᠠᠶᠢᠷᠠᠯᠠᠬᠤ᠂ ᠢᠳᠡᠭᠡᠨ ᠤᠮᠳᠠᠭᠠᠨ ᠢ ᠨᠠᠨᠳᠢᠩᠨᠠᠬᠤ ᠰᠡᠳᠬᠢᠯᠭᠡ ᠲᠠᠢ ᠪᠣᠯᠭᠠᠬᠤ ᠶᠢᠨ ᠲᠥᠯᠥᠭᠡ᠂ ᠨᠢᠦ ᠳᠧᠦ ᠭᠸᠤ ᠮᠧᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ︽ᠲᠠᠷᠢᠮᠠᠯ ᠢ ᠪᠡᠶᠡᠴᠢᠯᠡᠨ ᠣᠶᠢᠯᠠᠭᠠᠵᠤ᠂ ᠬᠤᠷᠢᠶᠠᠯᠲᠠ ᠶᠢ ᠪᠠᠶᠠᠰᠬᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠡᠢ᠃ ᠡᠨᠡ ᠤᠳᠠᠭ᠎ᠠ ᠶᠢᠨ ᠠᠵᠢᠯᠯᠠᠭ᠎ᠠ ᠨᠢ ᠬᠡᠦᠬᠡᠳ ᠲᠤ ᠬᠠᠮᠲᠤᠷᠠᠯᠴᠠᠭᠠᠨ ᠤ ᠬᠦᠴᠦᠨ ᠢ ᠮᠡᠳᠡᠷᠡᠭᠦᠯᠵᠦ᠂ ᠲᠠᠷᠢᠮᠠᠯ ᠤᠨ ᠪᠦᠬᠦ᠋ᠢᠯᠡ ᠶᠠᠪᠤᠴᠠ ᠪᠣᠯᠤᠨ ᠤᠷᠭᠤᠮᠠᠯ ᠤᠨ ᠥᠰᠥᠯᠲᠡ ᠳᠤ ᠱᠠᠭᠠᠷᠳᠠᠭᠳᠠᠬᠤ ᠣᠷᠴᠢᠨ ᠲᠣᠭᠤᠷᠢᠨ ᠢ ᠤᠢᠢᠯᠠᠭᠠᠭᠤᠯᠤᠭᠰᠠᠨ ᠪᠥᠭᠡᠳ ᠪᠠᠰᠠ ᠬᠡᠦᠬᠡᠳ ᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢᠨ ᠳᠤᠮᠳᠠ ᠵᠥᠪ ᠣᠨᠣᠪᠴᠢᠲᠠᠢ ᠬᠥᠳᠡᠯᠮᠦᠷᠢ ᠶᠢᠨ ᠦᠷᠳᠡᠭ ᠤᠨ ᠬᠠᠨᠳᠤᠰᠢ ᠶᠢ ᠪᠤᠢ ᠪᠣᠯᠭᠠᠵᠤ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠶᠢ ᠤᠬᠠᠭᠤᠯᠠᠭᠰᠠᠨ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号