ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠮᠠᠨ ᠤ ᠬᠤᠰᠢᠭᠤᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠢᠭᠤᠯᠤᠯᠲᠠ ᠳ᠋ᠦ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/29
ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠮᠠᠨ ᠤ ᠬᠤᠰᠢᠭᠤᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠢᠭᠤᠯᠤᠯᠲᠠ ᠳ᠋ᠦ ᠪᠠᠢᠴᠠᠭᠠᠨ ᠰᠤᠳᠤᠯᠤᠯᠲᠠ ᠬᠢᠪᠡ    4 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠾᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨᠰᠤᠳᠤᠯᠤᠯᠲᠠ ᠬᠢᠵᠦ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠧᠩ ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠯᠸᠢ ᠢᠩᠽᠢ  ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠠᠭᠤᠷᠢᠨ ᠭᠠᠵᠠᠷ᠂ ᠮᠠ ᠠᠨ ᠱᠠᠨ ᠣᠶ ᠰᠢᠭᠤᠶ ᠶᠢᠨ ᠲᠠᠯᠠᠪᠠᠶ ᠶᠢᠨ ᠰᠢ ᠶᠢᠨ ᠫᠢᠩ ᠶᠡᠷᠦᠩᠬᠡᠶ ᠱᠦᠵᠢ ᠶᠢᠨ ᠪᠠᠶᠢᠴᠠᠭᠠᠨ ᠦᠵᠡᠬᠦ ᠭᠠᠵᠠᠷ᠂ ᠮᠠ ᠠᠨ ᠱᠠᠨ ᠵᠠᠮ ᠤᠨ ᠲᠠᠰᠤᠭ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠬ᠎ᠠ ᠳᠡᠯᠭᠡᠭᠦᠷᠴᠢᠯᠡᠨ ᠠᠷᠠᠴᠢᠯᠠᠨ ᠬᠠᠮᠠᠭᠠᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃    ᠦᠳᠡ ᠶᠢᠨ ᠬᠤᠶᠢᠨ᠎ᠠ ᠶᠠᠪᠤᠭᠳᠠᠭᠰᠠᠨ ᠰᠠᠭᠤᠳᠠᠯ ᠤᠨ ᠬᠤᠷᠠᠯ ᠳᠡᠭᠡᠷ᠎ᠡ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠮᠠᠨ ᠤ ᠬᠤᠰᠢᠭᠤᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠰᠢᠯᠲᠠᠭᠠᠨ ᠤ ᠲᠤᠬᠠᠶ ᠵᠠᠳᠠᠯᠤᠯᠲᠠ ᠬᠢᠵᠡᠶ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠭᠦᠯᠦᠨ᠂ ᠠᠵᠢᠯ ᠤᠨ ᠪᠠᠲᠤᠯᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ᠂ ᠠᠵᠢᠯ ᠤᠨ ᠳᠤᠲᠠᠭᠤᠳᠠᠯ ᠢ ᠦᠷᠭᠦᠯᠵᠢᠯᠡᠨ ᠨᠥᠬᠦᠪᠥᠷᠢᠯᠡᠬᠦ᠂ ᠬᠠᠮᠢᠶᠠᠷᠴᠤ ᠲᠡᠵᠢᠭᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠬᠦ ᠵᠡᠷᠭᠡ ᠳᠥᠷᠪᠡᠨ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃    ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠭᠦᠢᠴᠡᠳ ᠨᠤᠲᠠᠯᠠᠬᠤ ᠶᠢᠨ ᠬᠠᠮᠲᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃    ᠵᠠᠩ ᠾᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠤ ᠴᠢᠨᠡᠭᠡᠯᠢᠭᠵᠢᠯ ᠤᠨ ᠵᠠᠮ ᠢ ᠰᠠᠶᠢᠲᠤᠷ ᠪᠠᠶᠢᠭᠤᠯᠵᠤ᠂ ᠤᠷᠢᠳᠠᠪᠠᠷ ᠲᠥᠯᠥᠪᠵᠢᠭᠦᠯᠬᠦ ᠶᠢ ᠴᠢᠬᠤᠯᠠᠴᠢᠯᠠᠵᠤ᠂ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠴᠢᠬᠤᠯᠠᠴᠢᠯᠠᠵᠤ ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠴᠢᠬᠤᠯᠠᠴᠢᠯᠠᠵᠤ᠂ ᠳᠡᠭᠡᠭᠰᠢ ᠪᠠᠨ ᠴᠢᠷᠮᠠᠶᠢᠬᠤ ᠶᠢ ᠴᠢᠬᠤᠯᠠᠴᠢᠯᠠᠬᠤ ᠬᠡᠷᠡᠭᠲᠡᠢ ︔ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠮᠤᠷ ᠠᠮᠤᠭᠤᠯᠠᠩ ᠵᠠᠮ ᠢ ᠰᠠᠶᠢᠲᠤᠷ ᠬᠠᠮᠢᠶᠠᠷᠤᠨ ᠬᠠᠮᠠᠭᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠬᠤᠲᠠ ᠪᠠᠷ ᠭᠤᠤᠯ ᠪᠣᠯᠭᠠᠵᠤ᠂ ᠪᠠᠯᠭᠠᠰᠤ ᠲᠣᠰᠬᠤᠨ ᠬᠤᠯᠪᠣᠭᠠᠯᠠᠨ ᠬᠥᠳᠡᠯᠦᠯᠴᠡᠵᠦ᠂ ᠰᠠᠯᠠᠭ᠎ᠠ ᠮᠥᠴᠢᠷ ᠬᠠᠮᠵᠢᠯᠴᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ︾ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠪᠠᠶᠢᠳᠠᠯ ᠢ ᠪᠥᠬᠦ ᠲᠠᠯ᠎ᠠ ᠪᠠᠷ ᠪᠣᠶ ᠪᠣᠯᠭᠠᠬᠤ ᠬᠡᠷᠡᠭᠲᠡᠶ︔ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠵᠠ ᠵᠢᠷᠭᠠᠯ ᠤᠨ ᠵᠠᠮ ᠢ ᠰᠠᠶᠢᠲᠤᠷ ᠡᠵᠡᠩᠨᠡᠵᠦ᠂ ᠲᠣᠰᠬᠤᠨ ᠪᠣᠯᠭᠠᠨ ᠳᠤ ᠠᠶᠠᠨᠴᠢᠳ ᠤᠨ ᠲᠡᠷᠭᠡ ᠨᠡᠪᠲᠡᠷᠡᠬᠦ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠤ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠵᠠᠰᠠᠮᠠᠯ ᠵᠠᠮ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠬᠤᠯᠪᠣᠯᠳᠤᠭᠤᠯᠬᠤ ᠶᠢ ᠠᠬᠢᠭᠤᠯᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号