ᠮᠠᠨ ᠤ ᠬᠤᠰᠢᠭᠤ ᠾᠧ ᠮᠧᠢ ᠠᠵᠤ ᠦᠢᠯᠡᠰ ᠬᠤᠲᠠ ᠶᠢᠨ ᠠᠭᠤᠰᠤᠯᠴᠠᠯ ᠤᠨ ᠬᠤᠰᠢᠭᠤᠴᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/8
ᠮᠠᠨ ᠤ ᠬᠤᠰᠢᠭᠤ ᠾᠧ ᠮᠧᠢ ᠠᠵᠤ ᠦᠢᠯᠡᠰ ᠬᠤᠲᠠ ᠶᠢᠨ ᠠᠭᠤᠰᠤᠯᠴᠠᠯ ᠤᠨ ᠬᠤᠰᠢᠭᠤᠴᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ   ᠾᠧ ᠮᠧᠶ ᠰᠢᠨ᠎ᠡ ᠲᠣᠭᠤᠷᠢᠭ ᠤᠨ ᠬᠦᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠾᠧ ᠳ᠋ᠦᠩ ᠤᠨ ᠵᠠᠯᠭᠠᠯᠳᠤᠭᠰᠠᠨ ᠣᠷᠣᠨ ᠤ ᠬᠤᠲᠠ ᠶᠢᠨ ᠪᠥᠲᠥᠭᠡᠨ ᠪᠠᠶᠢᠭᠤᠯᠤᠯᠲᠠ ᠵᠢᠴᠢ ᠠᠭᠠᠷ ᠤᠨ ᠭᠠᠷᠠᠮ ᠤᠨ ᠠᠵᠤ ᠠᠬᠤᠶ ᠶᠢᠨ ᠣᠷᠣᠨ ᠤ ᠠᠵᠤ ᠦᠢᠯᠡᠰ ᠢ ᠪᠤᠶᠢᠵᠢᠭᠤᠯᠬᠤ ᠶᠢ ᠳᠠᠶᠢᠴᠢᠯᠠᠬᠤ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠮᠠᠨ ᠤ ᠬᠤᠰᠢᠭᠤ ᠾᠧ ᠮᠧᠢ ᠠᠵᠤ ᠦᠢᠯᠡᠰ ᠬᠤᠲᠠ ᠦᠨ ᠠᠭᠤᠰᠤᠯᠴᠠᠭᠰᠠᠨ ᠬᠤᠰᠢᠭᠤᠴᠢ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠶᠡᠭᠡ ᠬᠥᠭᠦᠷᠭᠡ ᠶᠢᠨ ᠲᠣᠪᠴᠢᠶ᠎ᠠ ᠵᠢᠴᠢ ᠠᠭᠠᠷ ᠤᠨ ᠠᠶᠠᠯᠠᠯ ᠤᠨ ᠠᠮᠤᠷ ᠲᠦᠪᠰᠢᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠬᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ    ᠹᠠᠩ ᠷᠦᠢ ᠪᠡᠯᠡ ᠣᠷᠣᠭᠤᠯᠤᠯᠲᠠ ᠶᠢᠨ ᠲᠠᠯ᠎ᠠ ᠶᠢᠨ ᠬᠢᠨ ᠤ ᠬᠦᠷᠦᠯᠴᠡᠨ ᠢᠷᠡᠭᠰᠡᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠲᠡᠷᠡ ᠢᠯᠡᠷᠬᠡᠢᠯᠡᠭᠰᠡᠨ ᠨᠢ᠂ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠵᠦ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠨᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠮᠤᠭ ᠤᠨ ᠶᠡᠭᠡ ᠠᠴᠢᠶᠠᠯᠠᠪᠤᠷᠢ ᠪᠠ ᠬᠥᠳᠡᠯᠭᠡᠬᠦ ᠬᠦᠴᠦᠨ ᠢ ᠬᠤᠪᠢᠷᠠᠭᠤᠯᠬᠤ ᠬᠦᠴᠦᠲᠦ ᠬᠥᠳᠡᠯᠭᠡᠭᠦᠷ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠥᠭᠵᠢᠯᠲᠡ ᠶᠢᠨ ᠡᠭᠦᠷᠭᠡ ᠶᠢ ᠡᠭᠦᠷᠭᠡᠯᠡᠵᠦ᠂ ᠬᠤᠰᠢᠭᠤᠨ ᠤ ᠠᠵᠤ ᠠᠬᠤᠢ ᠶᠢᠨ ᠲᠦᠷᠭᠡᠨ ᠨᠡᠮᠡᠭᠳᠡᠯ ᠢ ᠲᠤᠯᠭᠠᠭᠤᠷᠢᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠤᠢ᠃ ᠮᠠᠨ ᠤ ᠬᠤᠰᠢᠭᠤᠨ ᠤ ᠬᠢᠨ ᠠᠵᠤ ᠠᠬᠤᠶᠢᠯᠠᠯ ᠤᠨ ᠲᠦᠷᠦᠯ ᠵᠦᠢᠯ ᠢ ᠠᠬᠢᠭᠤᠯᠬᠤ ᠶᠢ ᠶᠡᠬᠡᠪᠡᠷ ᠳᠡᠮᠵᠢᠵᠦ᠂ ᠦᠢᠯᠡᠴᠢᠯᠡᠭᠡᠨ ᠤ ᠪᠠᠲᠤᠯᠠᠭ᠎ᠠ ᠶᠢ ᠤᠷᠢᠳᠠᠪᠠᠷ ᠰᠠᠶᠢᠲᠤᠷ ᠬᠢᠵᠦ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ᠃    ᠬᠤᠷᠠᠯ ᠳᠡᠭᠡᠷ᠎ᠡ᠂ ᠵᠤᠤ ᠶᠠᠨ ᠬᠤᠩ ᠾᠧ ᠮᠧᠢ ᠠᠵᠤ ᠦᠢᠯᠡᠰ ᠬᠤᠳᠠ ᠶᠢ ᠠᠭᠤᠰᠤᠯᠴᠠᠭᠤᠯᠬᠤ ᠬᠤᠰᠢᠭᠤᠴᠢ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠤᠨ ᠪᠣᠳᠠᠲᠠᠢ ᠬᠡᠷᠡᠭᠵᠢᠭᠦᠯᠬᠦ ᠲᠥᠰᠦᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠳᠤᠷᠠᠳᠤᠭᠰᠠᠨ ᠪᠥᠭᠡᠳ ᠪᠣᠳᠠᠲᠠᠢ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠳᠡᠮᠤᠷ ᠵᠠᠮ ᠤᠨ ᠪᠦᠳᠦᠬᠡᠨ ᠪᠠᠶᠢᠭᠤᠯᠤᠯᠲᠠ ᠶᠢᠨ ᠶᠡᠭᠡ ᠬᠥᠭᠦᠷᠭᠡ ᠶᠢᠨ ᠲᠤᠪᠴᠢᠶ᠎ᠡ ᠵᠢᠴᠢ ᠬᠠᠩ ᠠᠨ ᠬᠡᠷ ᠭᠠᠵᠠᠷ ᠤᠨ ᠬᠦᠷᠤᠩᠬᠡ ᠵᠡᠷᠭᠡ ᠪᠡᠯᠡ ᠣᠷᠣᠭᠤᠯᠤᠭᠴᠢ ᠲᠠᠢ ᠰᠠᠨᠠᠯ ᠢᠶᠠᠨ ᠰᠣᠯᠢᠯᠴᠠᠵᠤ᠂ ᠭᠦᠨᠵᠡᠭᠡᠢ ᠬᠠᠮᠲᠤᠷᠠᠯᠴᠠᠬᠤ ᠬᠦᠰᠡᠯ ᠰᠠᠨᠠᠭ᠎ᠠ ᠪᠠᠨ ᠢᠯᠡᠳᠬᠡᠵᠦ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠶᠢ ᠬᠦᠰᠡᠪᠡ᠃   ᠬᠤᠷᠠᠯ ᠳᠤ ᠣᠷᠣᠯᠴᠠᠭᠰᠠᠳ ᠬᠠᠮᠲᠤᠷᠠᠯᠴᠠᠭᠠᠨ ᠤ ᠪᠣᠳᠠᠲᠠᠶ ᠤᠴᠢᠷ ᠶᠠᠪᠤᠳᠠᠯ ᠢ ᠬᠠᠯᠠᠭᠤᠨ ᠢᠶᠠᠷ ᠶᠠᠷᠢᠯᠴᠠᠵᠤ᠂ ᠬᠠᠮᠲᠤᠷᠠᠯᠴᠠᠭᠠᠨ ᠤ ᠲᠥᠰᠦᠯ ᠢᠶᠠᠨ ᠲᠦᠷᠭᠡᠬᠡᠨ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠠᠬᠢᠴᠠ ᠶᠢ ᠲᠦᠷᠭᠡᠳᠬᠡᠵᠦ᠂ ᠭᠠᠵᠠᠷ ᠣᠷᠣᠨ ᠤ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠢᠯᠡᠷᠬᠡᠶᠢᠯᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号