ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/5/11
ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ   5 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠪᠠᠷ᠎ᠠ ᠪᠣᠯᠪᠠ᠃   ᠴᠢᠶᠣᠤ ᠰᠢᠤᠸᠠᠢ ᠹᠧᠩ ᠮᠠᠨ ᠤ ᠬᠤᠰᠢᠭᠤᠨ ᠤ ᠪᠦᠬᠦ ᠣᠷᠣᠨ ᠪᠦᠰᠡ ᠶᠢᠨ ᠪᠦᠬᠦ ᠤᠯᠠᠷᠢᠯ ᠤᠨ ᠪᠦᠬᠦ ᠴᠠᠭ ᠤᠨ ᠵᠤᠭᠠᠴᠠᠯ ᠤᠨ ᠶᠡᠭᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠰᠡᠳᠬᠢᠴᠡ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ᠂ ᠮᠠᠨ ᠤ ᠬᠤᠰᠢᠭᠤᠨ ᠳᠤ ᠥᠪᠡᠷᠮᠢᠴᠡ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠲᠠᠢ᠂ ᠠᠮᠢ ᠠᠬᠤᠶ ᠶᠢ ᠪᠦᠲᠦᠮᠵᠢᠲᠡᠶ ᠬᠠᠮᠠᠭᠠᠯᠠᠬᠤ ᠤᠷᠢᠲᠠᠯ ᠳᠣᠤᠷ᠎ᠠ᠂ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠶᠢᠨ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ ︽ᠵᠤᠭᠠᠴᠠᠯ + ᠰᠣᠶᠣᠯ︾ ᠤᠨ ᠬᠥᠭᠵᠢᠯᠲᠡ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠰᠣᠶᠣᠯ ᠤᠨ ᠵᠤᠭᠠᠴᠠᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ᠭᠠᠵᠠᠷ ᠣᠷᠣᠨ ᠤ ᠰᠣᠶᠣᠯ ᠤᠨ ᠣᠨᠴᠠᠯᠢᠭ ᠲᠠᠢ ᠭᠦᠢᠴᠡᠳ ᠤᠶᠠᠯᠳᠤᠭᠤᠯᠵᠤ᠂ ᠰᠣᠶᠣᠯ ᠤᠨ ᠡᠯᠧᠮᠧᠨ᠋ᠲ ᠢ ᠣᠷᠣᠭᠤᠯᠬᠤ ᠶᠢ ᠴᠢᠬᠤᠯᠠᠴᠢᠯᠠᠵᠤ᠂ ᠵᠤᠭᠠᠴᠠᠯ ᠤᠨ ᠰᠣᠶᠣᠯ ᠤᠨ ᠠᠭᠤᠯᠤᠭᠳᠠᠬᠤᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃   ᠤᠬᠠᠭᠤᠯᠭ᠎ᠠ ᠶᠢᠨ ᠠᠵᠢᠯ ᠳᠤ ᠴᠢᠭᠯᠡᠭᠦᠯᠦᠨ᠂ ᠴᠢᠶᠣᠤ ᠰᠢᠤᠸᠠᠢ ᠹᠧᠩ ᠵᠢᠭᠠᠵᠤ ᠭᠠᠷᠭᠠᠭᠰᠠᠨ ᠨᠢ᠂ ᠬᠤᠰᠢᠭᠤᠨ ᠬᠠᠮ ᠵᠠᠭᠤᠴᠢᠯᠠᠭᠤᠷ ᠤᠨ ᠲᠥᠪ ᠨᠢ ᠬᠤᠰᠢᠭᠤᠨ ᠳᠣᠲᠣᠷᠠᠬᠢ ᠭᠤᠤᠯ ᠵᠠᠭᠤᠴᠢᠯᠠᠭᠤᠷ ᠪᠣᠯᠤᠭᠰᠠᠨ ᠤ ᠬᠤᠪᠢ ᠳᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠠᠳᠠᠭᠠᠳᠤ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃ ︽ᠠᠭᠤᠯᠭ᠎ᠠ ᠪᠠᠷ ᠭᠤᠣᠯ ᠪᠣᠯᠭᠠᠬᠤ︾ ᠶᠢ ᠪᠠᠷᠢᠮᠲᠠᠯᠠᠵᠤ᠂ ᠰᠣᠨᠢᠨ ᠮᠡᠳᠡᠭᠡᠨ ᠤ ᠦᠢᠯᠡᠳᠪᠦᠷᠢᠯᠡᠯ᠂ ᠳᠠᠮᠵᠢᠭᠤᠯᠭ᠎ᠠ ᠪᠣᠯᠤᠨ ᠰᠢᠨ᠎ᠡ ᠶᠢ ᠡᠭᠦᠳᠬᠦ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠬᠠᠮ ᠵᠠᠭᠤᠴᠢᠯᠠᠭᠤᠷ ᠤᠨ ᠲᠥᠪ ᠤᠨ ᠭᠤᠣᠯᠯᠠᠭᠴᠢ ᠦᠷᠢᠰᠦᠯᠳᠦᠬᠦ ᠬᠦᠴᠦᠨ ᠪᠣᠯᠤᠨ ᠠᠵᠢᠯ ᠲᠦᠷᠦᠯ ᠤᠨ ᠨᠥᠯᠥᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号