ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠮᠠᠨ ᠤ ᠬᠤᠰᠢᠭᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/12
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠮᠠᠨ ᠤ ᠬᠤᠰᠢᠭᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ    5 ᠰᠠᠷ᠎ᠠ ᠶᠢᠨ 11 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠦᠸᠧ ᡁᠢ ᠬᠤ᠋ ᠮᠠᠨ ᠤ ᠬᠤᠰᠢᠭᠤᠨ ᠳᠤ ᠢᠷᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠶᠤᠯᠴᠡᠴᠡᠭ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠦ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠰᠢᠶᠠᠨ ᠬᠤᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠪᠠ᠃    ᠯᠦᠸᠧ ᡁᠢ ᠬᠤ᠋ ᠨᠠᠷ ᠤᠷᠢᠳ ᠬᠤᠵᠢᠳ ᠨᠢᠦ ᠵᠢᠶᠠ ᠢᠩᠽᠢ ᠪᠠᠯᠭᠠᠰᠤ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠣᠷᠳᠣᠨ ᠪᠣᠯᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠪᠠᠭ᠎ᠠ ᠨᠡᠭᠦᠴᠡ ᠪᠠᠯᠭᠠᠰᠤ ᠶᠢᠨ ᠵᠢᠤ ᠮᠦ ᠾᠧ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠮᠠᠨ ᠤ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃    ᠰᠠᠭᠤᠳᠠᠯ  ᠤᠨ ᠬᠤᠷᠠᠯ ᠳᠡᠭᠡᠷ᠎ᠡ᠂ ᠯᠦᠸᠧ ᡁᠢ ᠬᠤ᠋ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠯᠤᠭᠰᠠᠨ ᠠᠮᠵᠢᠯᠲᠠ ᠪᠦᠲᠦᠮᠵᠢ ᠪᠠ ᠪᠣᠳᠠᠲᠤ ᠦᠷ᠎ᠡ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃    ᠯᠦᠸᠧ ᡁᠢ ᠬᠤ᠋ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ︔ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ ᠂ ᠡᠪᠡᠳᠴᠢᠨ ᠠᠴᠠ ᠪᠤᠯᠵᠤ ᠶᠠᠳᠠᠭᠤᠷᠠᠬᠤ ᠲᠠᠬᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠵᠦ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠶᠢ ᠬᠦᠴᠦᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠡᠷᠡᠰ ᠪᠠᠲᠤ ᠰᠠᠬᠢᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃    ᠯᠦᠸᠧ ᡁᠢ ᠬᠤ᠋ ᠴᠢᠩᠭᠠᠳᠬᠠᠭᠰᠠᠨ ᠨᠢ ᠂ ᠲᠥᠪ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠷᠢᠨ ᠪᠦᠲᠦᠨ ᠣᠨᠣᠪᠴᠢᠲᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠲᠣᠭᠲᠠᠭᠤᠨ ᠪᠠᠶᠢᠯᠭᠠᠵᠤ᠂ ︽ᠲᠦᠷᠪᠡ ᠶᠢ ᠰᠠᠯᠭᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤ ᠶᠢᠨ ᠪᠠᠶᠢᠭ᠎ᠠ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ ᠳᠤᠬᠢᠷᠠᠭᠤᠯᠵᠤ᠂ ᠠᠵᠢᠯ ᠳᠤ ᠬᠤᠭᠤᠰᠣᠨ ᠳᠠᠩᠰᠠ ᠦᠯᠡᠳᠡᠭᠡᠬᠦ ᠦᠭᠡᠢ᠂ ᠲᠦᠷᠦ ᠶᠢᠨ ᠪᠤᠳᠤᠯᠭ᠎ᠠ ᠳᠤ ᠬᠤᠭᠤᠰᠣᠨ ᠳᠠᠩᠰᠠ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠬᠢᠨᠠᠨ ᠰᠢᠯᠭᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠬᠠᠪᠰᠤᠷᠤᠨ ᠲᠡᠳᠬᠦᠬᠦ ᠭᠤᠣᠯᠳᠠᠯᠭ᠎ᠠ ᠶᠢ ᠲᠣᠳᠣᠷᠬᠠᠶᠢᠯᠠᠵᠤ᠂ ᠨᠢᠭᠡ ᠡᠷᠤᠭᠡ ᠳᠤ ᠨᠢᠭᠡ ᠲᠦᠷᠦ ᠶᠢᠨ ᠪᠤᠳᠤᠯᠭ᠎ᠠ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢ᠊ ᠡᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠲᠡᠭ ᠪᠣᠯᠭᠠᠬᠤ ᠶᠢ ᠪᠡᠶᠡᠯᠡᠭᠦᠯᠬᠦ ᠬᠡᠷᠡᠭᠲᠡᠢ︔ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠢᠭᠡ ᠪᠦᠯᠦᠭ ᠨᠥᠬᠦᠴᠡᠯ ᠳᠣᠣᠷ᠎ᠠ᠂ ᠵᠠᠬ᠎ᠠ ᠳᠡᠯᠭᠡᠭᠦᠷ ᠲᠣᠭᠲᠠᠭᠤᠨ᠂ ᠣᠷᠣᠭᠤᠯᠤᠯᠲᠠ ᠪᠠᠭ᠎ᠠ᠂ ᠦᠷ᠎ᠡ ᠠᠰᠢᠭ ᠤᠯᠬᠤ ᠨᠢ ᠲᠦᠷᠭᠡᠨ ᠠᠵᠤ ᠦᠢᠯᠡᠰ ᠤᠨ ᠵᠦᠢᠯᠡᠰ ᠢ ᠬᠥᠭᠵᠢᠭᠦᠯᠵᠦ᠂ ︽ᠴᠢᠰᠤ ᠪᠦᠲᠦᠭᠡᠬᠦ︾ ᠴᠢᠳᠠᠮᠵᠢ ᠶᠢ ᠴᠢᠩᠭᠠᠷᠠᠭᠤᠯᠵᠤ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃    ᠯᠦᠸᠧ ᡁᠢ ᠬᠤ᠋ ᠴᠢᠬᠤᠯᠠᠴᠢᠯᠠᠭᠰᠠᠨ ᠨᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠲᠡᠳᠬᠦᠬᠦ ᠲᠦᠷᠦᠯ ᠵᠦᠢᠯ ᠢ ᠰᠠᠶᠢᠲᠤᠷ ᠠᠰᠢᠭᠯᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠬᠤᠳᠠ ᠶᠢᠨ ᠰᠢᠴᠸᠩ ᠲᠣᠭᠤᠷᠢᠭ ᠵᠢᠴᠢ ᠪᠦᠦ ᠯᠢ ᠪᠦᠯᠦᠭᠯᠡᠯ ᠵᠡᠷᠭᠡ ᠲᠥᠪ ᠤᠨ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠨᠢᠭᠲᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠠᠯᠢᠪᠠ ᠪᠦᠬᠦᠨ ᠲᠠᠢ ᠤᠨᠢᠨ ᠳᠡᠭᠡᠷ᠎ᠡ ᠨᠢ ᠵᠣᠯᠭᠠᠭᠤᠯᠬᠤ ᠶᠢ ᠪᠣᠳᠣᠯᠬᠢᠯᠠᠵᠤ᠂ ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ ᠶᠢᠨ ᠥᠨᠳᠥᠷ ᠲᠦᠪᠰᠢᠨ ᠲᠠᠢ ᠬᠠᠮᠵᠢᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号