ᠬᠠᠷᠠᠴᠢᠨ ᠬᠤᠰᠢᠭᠤᠨ ᠤ ᠬᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/5/16
ᠬᠠᠷᠠᠴᠢᠨ ᠬᠤᠰᠢᠭᠤᠨ ᠤ ᠬᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠪᠣᠶ    ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠥᠷᠨᠢᠭᠦᠯᠦᠭᠰᠡᠨ ᠠᠴᠠ ᠨᠠᠰᠢ᠂ ᠬᠠᠷᠠᠴᠢᠨ ᠬᠤᠰᠢᠭᠤᠨ ᠤ ᠬᠢᠨ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠬᠥᠭᠵᠢᠭᠦᠯᠬᠦ᠂ ᠴᠢᠨᠠᠷ ᠰᠠᠶᠢᠲᠠᠶ ᠪᠠᠷ ᠠᠬᠢᠭᠤᠯᠬᠤ ᠶᠢ ᠪᠠᠷᠢᠮᠲᠠᠯᠠᠵᠤ᠂ ᠡᠯ᠎ᠡ ᠭᠤᠭᠴᠤᠭ᠎ᠠ ᠶᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠲᠥᠪᠯᠡᠷᠡᠭᠦᠯᠦᠨ ᠵᠠᠰᠠᠬᠤ ᠠᠵᠢᠯ ᠤᠨ ᠬᠤᠭᠤᠰᠣᠨ ᠪᠢᠰᠢ᠂ ᠪᠣᠳᠠᠲᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠡᠶ᠎ᠡ ᠪᠠᠷ ᠢᠶᠠᠨ ᠠᠷᠭ᠎ᠠ ᠰᠦᠪᠡᠭᠴᠢᠯᠡᠨ᠂ ᠲᠤᠰᠬᠠᠶᠢᠯᠠᠨ ᠪᠠᠶᠢᠷᠢᠯᠠᠭᠤᠯᠬᠤ ᠱᠠᠭᠠᠷᠳᠠᠯᠭ᠎ᠠ ᠭᠠᠷᠭᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠲᠤᠰᠬᠠᠶ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠦᠨ ᠠᠬᠢᠭᠤᠯᠪᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠱᠠᠲᠤ ᠱᠠᠲᠤ ᠪᠠᠷ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠡᠷᠡᠭᠵᠢᠭᠦᠯᠬᠦ ᠲᠥᠰᠦᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠵᠤ᠂ ᠠᠰᠠᠭᠤᠳᠠᠯ ᠤᠨ ᠨᠠᠷᠢᠨ ᠲᠠᠩᠰᠠ ᠶᠢ ᠨᠡᠶᠢᠲᠡᠯᠡᠨ᠂ ᠲᠥᠪᠯᠡᠷᠡᠭᠦᠯᠦᠨ ᠵᠠᠰᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠠᠯᠬᠤᠮ ᠳᠠᠷᠠᠭ᠎ᠠ ᠶᠢ ᠲᠣᠳᠣᠷᠬᠠᠶᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠨᠢᠭᠡᠳᠬᠡᠨ᠂ ᠥᠷᠭᠡᠨ ᠣᠯᠠᠨ ᠨᠠᠮ ᠤᠨ ᠭᠡᠰᠢᠭᠦᠨ ᠤ ᠲᠥᠪᠯᠡᠷᠡᠭᠦᠯᠦᠨ ᠵᠠᠰᠠᠬᠤ ᠠᠵᠢᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃ 4 ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠵᠤ ᠲᠥᠪᠯᠡᠷᠡᠭᠦᠯᠦᠨ ᠵᠠᠰᠠᠬᠤ ᠪᠠᠶᠢᠷᠢᠯᠠᠭᠤᠯᠤᠯᠲᠠ ᠶᠢ ᠡᠬᠢᠯᠡᠭᠦᠯᠬᠦ ᠪᠠ ᠠᠰᠠᠭᠤᠳᠠᠯ ᠤᠨ ᠨᠠᠷᠢᠨ ᠲᠠᠩᠰᠠ ᠶᠢ ᠪᠦᠬᠦᠨ ᠢ ᠬᠠᠮᠤᠷᠬᠤ ᠵᠡᠷᠭᠡ ᠡᠭᠦᠷᠭᠡ ᠶᠢ ᠪᠡᠶᠡᠯᠡᠭᠦᠯᠪᠡ᠃    ᠲᠤᠰᠬᠠᠶ ᠰᠡᠳᠦᠪᠲᠦ ᠬᠥᠮᠦᠵᠢᠯ ᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠶ ᠴᠢᠬᠤᠯᠠ ᠥᠭᠦᠯᠡᠯᠲᠡ᠂ ︽ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠵᠡᠷᠭᠡ ᠠᠭᠤᠯᠭ᠎ᠠ ᠶᠢ ᠰᠤᠷᠤᠯᠴᠠᠬᠤ ᠪᠠᠷ ᠭᠤᠣᠯᠳᠠᠯᠭ᠎ᠠ ᠪᠣᠯᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠨᠠᠵᠠᠭᠠᠢ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ  ᠶᠢ ᠡᠷᠬᠡᠪᠰᠢ ᠰᠤᠷᠤᠯᠴᠠᠬᠤ ᠠᠭᠤᠯᠭ᠎ᠠ ᠪᠣᠯᠭᠠᠵᠤ᠂ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ᠰᠤᠷᠤᠯᠴᠠᠯᠭ᠎ᠠ ᠪᠠ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠤᠯᠴᠠᠯᠭ᠎ᠠ ᠬᠥᠮᠦᠵᠢᠯ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃ ᠡᠭᠦᠨ ᠤ ᠬᠠᠮᠲᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠰᠤᠷᠤᠯᠴᠠᠯᠭ᠎ᠠ ᠶᠢᠨ ᠠᠭᠤᠯᠭ᠎ᠠ ᠶᠢ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ︾ ᠢ ᠪᠠᠶᠢᠩᠭᠤᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠ ᠲᠤᠰᠬᠠᠶ ᠰᠡᠳᠦᠪᠲᠦ ᠨᠠᠮ ᠤᠨ ᠬᠢᠴᠢᠶᠡᠯ ᠥᠷᠨᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠲᠤᠰᠬᠠᠶ ᠰᠤᠷᠤᠯᠴᠠᠬᠤ ᠲᠥᠯᠥᠪᠯᠡᠭᠡ ᠲᠣᠭᠲᠠᠭᠠᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠶᠢᠲᠡ 134 ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠵᠤ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠨᠡᠶᠢᠲᠡ 167 ᠤᠳᠠᠭ᠎ᠠ᠂ ᠲᠤᠰᠬᠠᠶ ᠰᠡᠳᠦᠪᠲᠦ ᠨᠠᠮ ᠤᠨ ᠬᠢᠴᠢᠶᠡᠯ ᠢ 85 ᠤᠳᠠᠭ᠎ᠠ ᠥᠷᠨᠢᠭᠦᠯᠦᠭᠰᠡᠨ ᠪᠠᠶᠢᠨ᠎ᠠ᠃    ︽ᠬᠠᠷᠠᠴᠢᠨ ᠨᠠᠮ ᠤᠨ ᠪᠠᠶᠢᠭᠤᠯᠤᠯᠲᠠ︾ ᠪᠣᠯᠤᠨ ᠡᠯ᠎ᠡ ᠨᠢᠭᠡᠴᠡ ᠶᠢᠨ ᠸᠢᠴᠠᠲ ᠤᠨ ᠨᠡᠶᠢᠲᠡ ᠶᠢᠨ ᠳ᠋ᠤᠭᠠᠷ ᠲᠤ ᠲᠦᠰᠢᠭᠯᠡᠨ᠂ ︽ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ︾ ᠲᠤᠰᠬᠠᠶ ᠪᠤᠯᠤᠩ ᠭᠠᠷᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠵᠣᠷᠢᠭ ᠰᠠᠨᠠᠭ᠎ᠠ᠂ ᠤᠨᠤᠯ ᠲᠦᠷᠦ ᠶᠢᠨ ᠪᠤᠳᠤᠯᠭ᠎ᠠ᠂ ᠴᠢᠬᠤᠯᠠ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠵᠡᠷᠭᠡ ᠠᠭᠤᠯᠭ᠎ᠠ ᠶᠢ ᠴᠤᠭᠯᠠᠭᠤᠯᠵᠤ᠂ ᠡᠮᠬᠢᠳᠬᠡᠬᠦ ᠪᠠ ᠬᠦᠷᠭᠡᠬᠦ ᠶᠢᠨ ᠬᠠᠮᠲᠤ ᠡᠯ᠎ᠡ ᠭᠠᠵᠠᠷ ᠡᠯ᠎ᠡ ᠨᠢᠭᠡᠴᠢ ᠶᠢᠨ ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠦᠭᠰᠡᠨ ᠠᠬᠢᠴᠠ᠂ ᠥᠪᠡᠷᠮᠢᠴᠡ ᠣᠨᠴᠠᠯᠢᠭ ᠲᠠᠢ ᠠᠷᠭ᠎ᠠ ᠬᠢᠳᠡᠯ ᠪᠠ ᠦᠢᠯᠡᠳᠦᠯᠭᠡ ᠶᠢᠨ ᠦᠷ᠎ᠡ ᠪᠦᠲᠦᠮᠵᠢ ᠶᠢ ᠤᠬᠠᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠯᠳᠤᠨ ᠨᠡᠪᠲᠡᠷᠡᠯᠴᠡᠭᠰᠡᠨ ᠤᠬᠠᠭᠤᠯᠭ᠎ᠠ ᠶᠢᠨ ᠪᠠᠶᠢᠷᠢᠰᠢᠯ ᠢ ᠪᠦᠷᠢᠯᠳᠦᠭᠦᠯᠪᠡ᠃ ᠡᠭᠦᠨ ᠤ ᠬᠠᠮᠲᠤ᠂ ᠡᠯ᠎ᠡ ᠭᠠᠵᠠᠷ ᠡᠯ᠎ᠡ ᠨᠢᠭᠡᠴᠢ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠥᠷᠭᠡᠨ ᠢᠶᠠᠷ ᠠᠭᠤᠳᠠᠯᠵᠤ᠂ ᠵᠥᠪ ᠲᠠᠯ᠎ᠠ ᠶᠢᠨ ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠰᠡᠷᠡᠮᠵᠢ ᠥᠭᠴᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠳᠤᠮᠳᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭ᠎ᠠ ᠪᠠᠨ ᠠᠷᠢᠭᠤᠳᠬᠠᠵᠤ᠂ ᠰᠤᠷᠭᠠᠮᠵᠢ ᠠᠪᠬᠤ ᠶᠢ ᠤᠯᠠᠮ ᠨᠢᠭᠡ ᠠᠯᠬᠤᠮ ᠬᠦᠳᠦᠯᠦᠨ ᠵᠢᠯᠣᠭᠤᠳᠤᠨ᠎ᠠ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号