ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠶ ᡂᠢ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/5/16
ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠶ ᡂᠢ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ    5 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠶ ᡂᠢ ᠮᠠᠨ ᠤ ᠬᠤᠰᠢᠭᠤᠨ ᠳᠤ ᠬᠦᠷᠴᠦ ᠵᠣᠬᠢᠶᠠᠨ ᠪᠠᠶᠢᠭᠤᠯᠬᠤ ᠠᠵᠢᠯ ᠪᠠ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠠᠮᠢᠶ᠎ᠠ ᠪᠥᠬᠦᠶ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠪᠠᠷ᠎ᠠ ᠪᠣᠯᠪᠠ᠃    ᠴᠢᠶᠣᠤ ᠢᠦᠢ ᡂᠢ ᠨᠡᠷ ᠤᠷᠢᠳ ᠬᠤᠵᠢᠳ ᠥᠪᠥᠷ ᠮᠣᠩᠭᠤᠯ ᠤᠨ ᠮᠧᠩ ᠳ᠋ᠦᠩ ᠡᠮ ᠡᠮᠨᠡᠯᠭᠡ ᠶᠢᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ᠂ ᠵᠢᠨᠱᠠᠨ ᠪᠠᠯᠭᠠᠰᠤᠨ ᠤ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠢ ᠴᠣᠭᠴᠠ᠂ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ᠂ ᠾᠧᠪᠸᠢ ᠵᠡᠭᠡᠯᠢ ᠭᠤᠳᠤᠮᠵᠢ ᠶᠢᠨ ᠰᠢᠶᠠᠩ ᠶᠠᠩ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠬᠦᠷᠴᠦ᠂ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠪᠠᠶᠢᠭᠤᠯᠤᠯᠲᠠ ᠶᠢᠨ ᠠᠵᠢᠯ᠂ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠬᠢᠶ᠎ᠡ ᠂ ᠬᠥᠳᠡᠭᠡ ᠲᠣᠰᠬᠤᠨ ᠤ ᠵᠤᠭᠠᠴᠠᠯ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠲᠣᠣᠷᠵᠢᠯ ᠤᠨ ᠵᠠᠰᠠᠯᠲᠠ ᠪᠣᠯᠤᠨ ᠬᠤᠪᠢᠰᠬᠠᠯ ᠤᠨ ᠠᠳᠠᠯ ᠠᠬᠤᠢ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠣᠶᠢᠯᠠᠭᠠᠪᠠ᠃    ᠴᠢᠶᠣᠤ ᠢᠦᠶ ‍ᠤᠤᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠭᠤᠷᠪᠠᠨ ᠰᠢᠨ᠎ᠡ ᠨᠢᠭᠡ ᠥᠨᠳᠥᠷ︾ ᠤ ᠱᠠᠭᠠᠷᠳᠠᠯᠭ᠎ᠠ ᠳᠤ ᠰᠠᠭᠤᠷᠢᠯᠠᠨ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠪᠠ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠪᠠ ᠲᠠᠷᠢᠶᠠᠯᠠᠩ ᠮᠠᠯ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠭᠠᠨᠬᠠᠳᠠ ᠳᠤ ᠨᠠᠶᠢᠳᠠᠪᠤᠷᠢᠵᠢᠭᠤᠯᠤᠨ᠂ ᠪᠣᠳᠠᠲᠠᠶ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠴᠢᠩᠭᠠᠳᠬᠠᠬᠤ ᠲᠤᠬᠠᠶ ᠬᠠᠮᠢᠶ᠎ᠠ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠴᠢᠩᠭ᠎ᠠ ᠪᠦᠭᠡᠳ ᠪᠣᠳᠠᠲᠠᠶ ᠠᠳᠬᠤᠵᠤ᠂ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠬᠢᠶ᠎ᠡ ᠶᠢ ᠬᠥᠬᠡᠮᠳᠦᠭ ᠨᠣᠭᠤᠭᠠᠨ ᠠᠭᠤᠯᠠ ᠤᠰᠤ ᠪᠣᠯᠤᠨ ᠠᠯᠲᠠᠨ ᠠᠭᠤᠯᠠ ᠮᠥᠩᠭᠦᠨ ᠠᠭᠤᠯᠠ ᠶᠢᠨ ᠬᠤᠭᠤᠷᠣᠨᠳᠣᠬᠢ ᠬᠤᠪᠢᠷᠠᠭᠤᠯᠤᠯᠲᠠ ᠶᠢᠨ ᠬᠡᠯᠬᠢᠶ᠎ᠡ ᠪᠣᠯᠭᠠᠬᠤ ᠪᠠᠷ ᠴᠢᠷᠮᠠᠶᠢᠬᠤ ᠬᠡᠷᠡᠭᠲᠡᠶ᠃    ᠴᠢᠶᠣᠤ ᠢᠦᠢ ᡂᠢ ᠵᠢᠭᠠᠵᠤ ᠭᠠᠷᠭᠠᠭᠰᠠᠨ ᠨᠢ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠲᠥᠪᠯᠡᠷᠡᠭᠦᠯᠦᠨ ᠵᠠᠰᠠᠬᠤ ᠳᠤᠮᠳᠠ ᠳᠠᠪᠬᠤᠷ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠨᠡᠩ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠪᠣᠯᠤᠨ ᠬᠤᠳᠠ ᠶᠢᠨ ᠨᠠᠮ ᠤᠨ ᠬᠤᠷᠢᠶ᠎ᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠨᠤᠯ ᠤᠨ ᠰᠤᠷᠤᠯᠴᠠᠯᠭ᠎ᠠ᠂ ᠬᠡᠯᠪᠡᠷᠢᠯ ᠢ ᠵᠠᠯᠠᠷᠠᠭᠤᠯᠵᠤ ᠴᠢᠭᠯᠡᠯ ᠢ ᠵᠥᠪ ᠪᠣᠯᠭᠠᠬᠤ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠪᠯᠡᠷᠡᠭᠦᠯᠦᠨ ᠵᠠᠰᠠᠬᠤ ᠶᠢ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号