ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/17
ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    5 ᠰᠠᠷ᠎ᠠ ᠶᠢᠨ 16 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠪᠠᠶ ᠯᠢᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠢ ᠰᠢᠤ ᠴᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠠᠴᠠ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠬᠡᠷᠡᠭᠯᠡᠬᠦ ᠲᠥᠯᠥᠪᠯᠡᠭᠡ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠠᠷᠠᠴᠢᠨ ᠬᠤᠰᠢᠭᠤᠨ ᠤ 2022 ᠣᠨ ᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃    ᠵᠤᠤ ᠶᠠᠨ ᠬᠤᠩ ᠵᠢᠭᠠᠵᠤ ᠭᠠᠷᠭᠠᠭᠰᠠᠨ ᠨᠢ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠵᠣᠬᠢᠰᠲᠠᠢ ᠬᠡᠷᠡᠭᠯᠡᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠂ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠪᠡᠯᠡ ᠮᠥᠩᠭᠦ ᠶᠢ ᠵᠣᠬᠢᠰᠲᠠᠢ ᠬᠤᠪᠢᠶᠠᠷᠢᠯᠠᠵᠤ᠂ ᠪᠦᠲᠦᠮᠵᠢᠲᠡᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠦᠨᠡᠨᠬᠦ ᠬᠡᠷᠡᠭᠯᠡᠵᠦ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ︔ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠠᠯᠠ ᠮᠥᠩᠭᠦ ᠶᠢᠨ ᠵᠠᠷᠤᠯᠭ᠎ᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠨ ᠵᠣᠯᠭᠠᠭᠤᠯᠬᠤ ᠬᠡᠷᠡᠭᠲᠡᠶ︔ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠵᠡᠩᠨᠡᠯᠲᠡ ᠬᠠᠮᠢᠶᠠᠷᠤᠯᠲᠠ ᠪᠠ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠨ᠂ ᠦᠷᠭᠦᠯᠵᠢᠯᠡᠨ ᠠᠰᠢᠭᠯᠠᠬᠤ᠂ ᠪᠦᠲᠦᠮᠵᠢᠲᠡᠶ ᠠᠰᠢᠭᠯᠠᠬᠤ ᠶᠢ ᠦᠨᠡᠨᠬᠦ ᠪᠠᠲᠤᠯᠠᠵᠤ᠂ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠶ᠃    ᠵᠤᠤ ᠶᠠᠨ ᠬᠤᠩ ᠴᠢᠩᠭᠠᠳᠬᠠᠭᠰᠠᠨ ᠨᠢ ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠳᠦᠬᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠤᠷᠢᠳᠠᠪᠠᠷ ᠲᠥᠯᠥᠪᠵᠢᠭᠦᠯᠬᠦ᠂ ᠴᠢᠭ ᠲᠠᠯ᠎ᠠ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠠᠷᠢᠮᠲᠠᠯᠠᠵᠤ᠂ ᠬᠢᠯᠠᠰ ᠴᠡᠭ ᠲᠠᠢ᠂ ᠥᠪᠡᠷᠮᠢᠴᠡ ᠣᠨᠴᠠᠯᠢᠭ ᠲᠠᠢ ᠨᠡᠶᠢᠲᠡᠯᠢᠭ ᠵᠢᠱᠢᠶ᠎ᠡ ᠦᠵᠡᠭᠦᠯᠬᠦ ᠲᠣᠰᠬᠤᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠰᠤᠷᠤᠯᠴᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠬᠦ ᠳᠤ ᠬᠢᠯᠪᠠᠷ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠡᠭᠦᠳᠴᠦ᠂ ᠬᠥᠭᠵᠢᠯᠲᠡ ᠳᠤ ᠳᠤᠬᠢᠷᠠᠬᠤ ᠥᠪᠡᠷᠮᠢᠴᠡ ᠣᠨᠴᠠᠯᠢᠭ ᠲᠠᠢ ᠵᠠᠮ ᠢ ᠨᠡᠭᠡᠭᠡᠬᠦ ᠬᠡᠷᠡᠭᠲᠡᠢ︔ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠪᠠᠶᠢᠳᠠᠯ ᠢ ᠲᠣᠳᠣᠷᠬᠠᠢ ᠣᠶᠢᠯᠠᠭᠠᠵᠤ᠂ ᠰᠡᠳᠬᠢᠴᠡ ᠪᠠᠨ ᠲᠣᠳᠣᠷᠬᠠᠢ ᠪᠣᠯᠭᠠᠵᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠵᠢᠱᠢᠶ᠎ᠡ ᠦᠵᠡᠭᠦᠯᠬᠦ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠥᠨᠳᠥᠷ ᠶᠠᠰᠤ ᠴᠢᠨᠠᠷ ᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号