ᠬᠠᠷᠠᠴᠢᠨ ᠬᠤᠰᠢᠭᠤᠨ ᠤ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠳᠤ ᠣᠷᠣᠯᠴᠠᠭᠰᠠᠨ ᠲᠦᠩᠯᠢᠶᠣᠤ — ᠤᠯᠠᠭᠠᠨᠬᠠᠳᠠ ᠶᠢᠨ ︽ᠬᠤᠤᠰ ᠣᠳᠣᠨ ᠣᠷᠣᠨ︾ ᠤ ᠤᠷᠤᠯᠳᠤᠭᠠᠨ ᠤ ᠲᠣᠭᠤᠷᠢᠭ ᠤᠨ ᠠᠩᠬᠠᠨ ᠤ ᠤᠷᠤᠯᠳᠤᠭᠠᠨ ᠤ ᠪᠦᠯᠬᠦᠮ ᠤᠨ ᠬᠢᠨ ᠢᠷᠠᠭᠤ ᠠᠯᠳᠠᠷᠲᠠᠶ ᠪᠠᠷ ᠪᠤᠴᠠᠵᠤ ᠢᠷᠡᠪᠡ
ᠨᠡᠶᠢᠲᠡᠯᠡᠭᠰᠡᠨ ᠴᠠᠭ᠄
2022/5/17
ᠬᠠᠷᠠᠴᠢᠨ ᠬᠤᠰᠢᠭᠤᠨ ᠤ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠳᠤ ᠣᠷᠣᠯᠴᠠᠭᠰᠠᠨ ᠲᠦᠩᠯᠢᠶᠣᠤ — ᠤᠯᠠᠭᠠᠨᠬᠠᠳᠠ ᠶᠢᠨ ︽ᠬᠤᠤᠰ ᠣᠳᠣᠨ ᠣᠷᠣᠨ︾ ᠤ ᠤᠷᠤᠯᠳᠤᠭᠠᠨ ᠤ ᠲᠣᠭᠤᠷᠢᠭ ᠤᠨ ᠠᠩᠬᠠᠨ ᠤ ᠤᠷᠤᠯᠳᠤᠭᠠᠨ ᠤ ᠪᠦᠯᠬᠦᠮ ᠤᠨ ᠬᠢᠨ ᠢᠷᠠᠭᠤ ᠠᠯᠳᠠᠷᠲᠠᠶ ᠪᠠᠷ ᠪᠤᠴᠠᠵᠤ ᠢᠷᠡᠪᠡ    5 ᠳ᠋ᠤᠭᠠᠷ ᠰᠠᠷ᠎ᠠ ᠶᠢᠨ 12 ᠤᠨ ᠡᠳᠦᠷ᠂ ᠲᠠᠪᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠬᠦ ᠵᠢᠭᠦᠷ︾ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ︽ᠠᠳᠠᠯ ᠦᠢᠯᠡᠰ ᠴᠣᠭᠴᠠᠯᠠᠬᠤ ᠬᠤᠷᠴᠢᠨ ᠬᠤᠨᠳᠠᠭᠠᠲᠤ︾ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠲᠦᠩᠯᠢᠶᠣᠤ — ᠤᠯᠠᠭᠠᠨᠬᠠᠳᠠ ᠶᠢᠨ ︽ᠬᠤᠤᠰ ᠣᠳᠣᠨ ᠣᠷᠣᠨ︾ ᠤ ᠤᠷᠤᠯᠳᠤᠭᠠᠨ ᠤ ᠲᠣᠭᠤᠷᠢᠭ ᠤᠨ ᠠᠩᠬᠠᠨ ᠤ ᠤᠷᠤᠯᠳᠤᠭᠠᠨ ᠲᠦᠩᠯᠢᠶᠣᠤ ᠬᠤᠲᠠ ᠳᠤ ᠶᠠᠪᠤᠭᠳᠠᠪᠠ᠂ ᠭᠤᠤᠯ ᠰᠡᠳᠦᠪ ᠨᠢ ︽ᠰᠢᠨ᠎ᠡ ᠴᠠᠭ ᠦᠶ᠎ᠡ ᠶᠢ ᠡᠭᠦᠳᠴᠦ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾᠃ ᠬᠠᠷᠠᠴᠢᠨ ᠬᠤᠰᠢᠭᠤᠨ ᠤ ᠤᠷᠤᠯᠳᠤᠭᠠᠨ ᠳᠤ ᠣᠷᠣᠯᠴᠠᠬᠤ 5 ᠪᠦᠯᠬᠦᠮ ᠰᠢᠯᠢᠳᠡᠭ ᠬᠢᠷᠢ ᠪᠦᠲᠦᠮᠵᠢ ᠣᠯᠵᠤ᠂ ᠢᠷᠠᠭᠤ ᠠᠯᠳᠠᠷᠲᠠᠶ ᠪᠠᠷ ᠪᠤᠴᠠᠵᠤ ᠢᠷᠡᠪᠡ᠃    ᠤᠷᠤᠯᠳᠤᠭᠠᠨ ᠤ ᠡᠮᠦᠨᠡᠬᠢ ᠬᠤᠭᠤᠴᠠᠭᠠᠨ ᠤ ᠪᠡᠯᠡᠳᠬᠡᠯ ᠤᠷᠤᠯᠳᠤᠭᠠᠨ ᠪᠠ ᠰᠢᠯᠭᠠᠷᠠᠭᠤᠯᠤᠯᠲᠠ ᠪᠠᠷ ᠳᠡᠮᠵᠢᠨ᠂ ᠲᠦᠩᠯᠢᠶᠣᠤ᠂ ᠤᠯᠠᠭᠠᠨᠬᠠᠳᠠ ᠬᠤᠶᠠᠷ ᠭᠠᠵᠠᠷ ᠤᠨ ᠨᠡᠶᠢᠲᠡ 82 ᠰᠢᠯᠢᠳᠡᠭ ᠦᠢᠯᠡᠰ ᠴᠣᠭᠴᠠᠯᠠᠬᠤ ᠲᠥᠷᠥᠯ ᠵᠦᠢᠯ ᠲᠣᠰ ᠤᠳᠠᠭᠠᠨ ᠤ ᠤᠷᠤᠯᠳᠤᠭᠠᠨ ᠳᠤ ᠣᠷᠣᠯᠴᠠᠵᠠᠶ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ ᠂ ᠮᠠᠨ ᠤ ᠬᠤᠰᠢᠭᠤᠨ ᠤ ᠰᠣᠩᠭᠤᠨ ᠬᠦᠷᠭᠡᠭᠰᠡᠨ 5 ᠦᠢᠯᠡᠰ ᠴᠣᠭᠴᠠᠯᠠᠬᠤ ᠲᠥᠷᠥᠯ ᠵᠦᠢᠯ ︽ᠠᠽᠢᠶ᠎ᠠ ᠨᠣᠮᠣᠬᠠᠨ ᠲᠡᠯᠡᠶ ᠶᠢᠨ ᠣᠷᠣᠨ ᠤ ᠣᠶ ᠰᠢᠭᠤᠶ ᠶᠢᠨ ᠵᠣᠬᠢᠶᠠᠨ ᠪᠠᠶᠢᠭᠤᠯᠤᠯᠲᠠ ᠶᠢᠨ ᠸᠠᠩ ᠶᠧ ᠳ᠋ᠢᠶᠠᠨ ᠤ ᠣᠶ ᠰᠢᠭᠤᠶ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ︾ ︽ᠬᠤᠷᠳᠤᠨ ᠴᠠᠭᠠᠨ ᠤ ᠵᠢᠶᠠᠩᠨᠠᠭᠤᠷ ᠢᠶᠠᠷ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠨᠢ ᠲᠣᠰ ᠲᠣᠰ ᠤᠷᠤᠯᠳᠤᠭᠠᠨ ᠤ ᠭᠤᠤᠯ ᠴᠣᠭᠴᠠ ᠶᠢᠨ ᠤᠷᠤᠯᠳᠤᠭᠠᠨ ᠤ ᠵᠠᠮ ᠤᠨ ᠦᠢᠯᠡᠴᠢᠯᠡᠭᠡᠨ ᠤ ᠦᠢᠯᠡᠰ ᠤᠨ ᠨᠢᠭᠡᠳᠦᠭᠡᠷ ᠳᠡᠰ ᠤᠨ ᠱᠠᠩᠨᠠᠯ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ︽ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠳᠡᠨᠢ ᠪᠣᠯᠭᠠᠨ ᠬᠤᠪᠢᠷᠠᠭᠤᠯᠬᠤ ᠪᠣᠬᠢᠷᠲᠤᠯ ᠦᠭᠡᠢ ᠡᠷᠭᠢᠯᠲᠡ︾᠂ ︽ᠤᠶᠤᠨᠲᠤ ᠲᠠᠷᠢᠶᠠᠯᠠᠩ ᠤᠨ ᠲᠠᠯᠠᠪᠠᠢ — ᠭᠠᠯᠵᠠᠭᠤ ᠭᠠᠭ᠋ᠠᠢ︾ ᠲᠤᠰ ᠲᠤᠰ ᠤᠷᠤᠯᠳᠤᠭᠠᠨ ᠤ ᠭᠤᠣᠯ ᠴᠣᠭᠴᠠ ᠶᠢᠨ ᠤᠷᠤᠯᠳᠤᠭᠠᠨ ᠤ ᠵᠠᠮ ᠤᠨ ᠦᠢᠯᠡᠳᠬᠦ ᠦᠢᠯᠡᠰ ᠤᠨ ᠬᠤᠶᠠᠳᠤᠭᠠᠷ ᠳᠡᠰ ᠤᠨ ᠱᠠᠩᠨᠠᠯ ᠪᠠ ᠭᠤᠷᠪᠠᠳᠤᠭᠠᠷ ᠳᠡᠰ ᠤᠨ ᠱᠠᠩᠨᠠᠯ ᠢ ᠬᠦᠷᠳᠡᠪᠡ︔ ︽ᠣᠶ ᠶᠢᠨ ᠬᠤᠷᠮᠣᠶ ᠶᠢᠨ ᠲᠠᠷᠢᠮᠠᠯ ᠤᠨ ᠢᠳᠡᠭᠡᠨ ᠤ ᠮᠥᠭᠦ ᠶᠢᠨ ᠠᠮᠢ ᠠᠬᠤᠶ ᠶᠢᠨ ᠠᠵᠤ ᠦᠢᠯᠡᠰ︾ ᠤᠨ ᠲᠥᠷᠥᠯ ᠵᠦᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ ᠤᠨ ᠤᠷᠤᠯᠳᠤᠭᠠᠨ ᠤ ᠰᠢᠯᠢᠳᠡᠭ ᠱᠠᠩᠨᠠᠯ ᠢ ᠭᠥᠷᠳᠡᠪᠡ᠃ ᠬᠤᠰᠢᠭᠤᠨ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠪ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃    ᠲᠤᠰ ᠤᠳᠠᠭᠠᠨ ᠤ ᠦᠢᠯᠡᠰ ᠪᠤᠰᠬᠠᠬᠤ ᠰᠢᠨ᠎ᠡ ᠶᠢ ᠡᠭᠦᠳᠬᠦ ᠤᠷᠤᠯᠳᠤᠭᠠᠨ ᠳᠤ ᠠᠳᠠᠯ ᠦᠢᠯᠡᠰ ᠴᠣᠭᠴᠠᠯᠠᠭᠴᠢ ᠶᠢᠨ ᠠᠳᠠᠯ  ᠦᠢᠯᠡᠰ ᠴᠣᠭᠴᠠᠯᠠᠬᠤ ᠰᠡᠳᠬᠢᠮᠵᠢ ᠶᠢ ᠥᠷᠭᠡᠳᠬᠡᠵᠦ᠂ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠳᠠᠯ ᠦᠢᠯᠡᠰ ᠴᠣᠭᠴᠠᠯᠠᠬᠤ ᠬᠠᠷᠠᠭ᠎ᠠ ᠶᠢ ᠥᠷᠭᠡᠳᠬᠡᠵᠦ᠂ ᠠᠳᠠᠯ ᠦᠢᠯᠡᠰ ᠴᠣᠭᠴᠠᠯᠠᠬᠤ ᠶᠢᠨ ᠨᠥᠯᠥᠭᠡᠯᠡᠬᠦ ᠬᠦᠴᠦᠨ ᠢ ᠥᠷᠭᠡᠳᠬᠡᠭᠰᠡᠨ ᠢᠶᠠᠷ ᠪᠠᠷᠠᠬᠤ ᠥᠬᠡᠶ᠂ ᠮᠠᠨ ᠤ ᠬᠤᠰᠢᠭᠤᠨ ᠤ ᠠᠳᠠᠯ ᠦᠢᠯᠡᠰ ᠴᠣᠭᠴᠠᠯᠠᠭᠴᠢ ᠶᠢᠨ ᠰᠢᠨ᠎ᠡ ᠶᠢ ᠡᠭᠦᠳᠬᠦ ᠳᠤ ᠠᠮᠵᠢᠯᠲᠠ ᠲᠠᠢ᠂ ᠬᠠᠷᠢᠭᠤᠴᠠᠯᠭ᠎ᠠ ᠪᠠᠨ ᠡᠭᠦᠷᠭᠡᠯᠡᠵᠦ᠂ ᠤᠷᠤᠭᠰᠢᠯᠠᠨ ᠳᠠᠪᠰᠢᠬᠤ ᠰᠠᠶᠢᠨ ᠰᠠᠶᠢᠬᠠᠨ ᠴᠤᠭ ᠵᠢᠪᠬᠤᠭ᠎ᠠ ᠶᠢ ᠨᠠᠩ ᠢᠯᠡᠭᠦᠤ ᠢᠯᠡᠷᠡᠭᠦᠯᠵᠦ᠂ ᠨᠠᠩ ᠣᠯᠠᠨ ᠠᠳᠠᠯ ᠦᠢᠯᠡᠰ ᠴᠣᠭᠴᠠᠯᠠᠬᠤ ᠬᠦᠰᠡᠯ ᠵᠡᠭᠦᠳᠦ ᠲᠠᠢ ᠬᠥᠮᠦᠰ ᠢ ᠳᠠᠭᠠᠭᠤᠯᠤᠨ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠡᠭᠡ ᠤᠷᠤᠰᠬᠠᠯ ᠳᠤ ᠣᠷᠣᠯᠴᠠᠭᠤᠯᠵᠤ᠂ ᠠᠳᠠᠯ ᠦᠢᠯᠡᠰ ᠴᠣᠭᠴᠠᠯᠠᠭᠴᠢ ᠶᠢᠨ ᠵᠣᠷᠢᠭᠲᠠᠶ ᠪᠠᠷ ᠡᠷᠡᠯᠬᠡᠭᠯᠡᠨ ᠤᠷᠤᠭᠰᠢᠯᠠᠵᠤ᠂ ᠥᠭᠡᠳᠡᠯᠡᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠪᠠᠳᠠᠷᠠᠭᠤᠯᠬᠤ ᠨᠢ ᠯᠠᠪᠲᠠᠶ ᠶᠤᠮ᠃

640.png

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号