ᠬᠤᠰᠢᠭᠤᠨ ᠳᠠᠷᠤᠭ᠎ᠠ ᠵᠣᠣ ᠶᠠᠨ ᠬᠤᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/5/20
ᠬᠤᠰᠢᠭᠤᠨ ᠳᠠᠷᠤᠭ᠎ᠠ ᠵᠣᠣ ᠶᠠᠨ ᠬᠤᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠠ    5 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠮᠠᠨ ᠤ ᠬᠤᠰᠢᠭᠤᠨ ᠤ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠢᠴᠠᠭᠠᠨ ᠰᠤᠳᠤᠯᠤᠯᠲᠠ ᠬᠢᠪᠡ᠃ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠸᠠᠩ ᠯᠢ ᠭᠦᠸᠧ᠂ ᠢ ᠰᠢᠤ ᠴᠢᠤᠸᠠᠨ ᠵᠢᠴᠢ ᠬᠤᠰᠢᠭᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠵᠣᠣ ᠶᠠᠨ ᠬᠤᠩ ᠨᠠᠷ ᠤᠷᠢᠳ ᠬᠤᠵᠢᠳ ᠢᠦᠶ ᠯᠦᠩ ᠴᠤᠸᠠᠨ ᠤ ᠬᠥᠳᠡᠭᠡ ᠲᠣᠰᠬᠤᠨ ᠤ ᠶᠡᠷᠦᠩᠬᠡᠶ ᠴᠣᠭᠴᠠ ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ᠂ ᠨᠢᠦ ᠵᠢᠶᠠᠢᠩᠽᠢ ᠶᠢᠨ ᠮᠣᠩᠭᠤᠯ ᠬᠢᠲᠠᠳ ᠡᠮ ᠤᠨ ᠮᠠᠲ᠋ᠧᠷᠢᠶᠠᠯ ᠢ ᠡᠳ᠋ᠰᠢᠭᠦᠯᠦᠨ ᠬᠠᠳᠠᠭᠠᠯᠠᠬᠤ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠤᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠨᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠲᠥᠷᠥᠯ ᠵᠦᠢᠯ ᠤᠨ ᠳᠤᠲᠠᠭᠤᠳᠠᠯ ᠢ ᠨᠥᠬᠦᠪᠥᠷᠢᠯᠡᠵᠦ᠂ ᠡᠯ᠎ᠡ ᠭᠤᠤᠯᠳᠠᠯᠭ᠎ᠠ ᠲᠠᠢ ᠲᠥᠷᠥᠯ  ᠵᠦᠢᠯ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠶ᠃    ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠴᠠᠬᠢᠯᠭᠠᠨ ᠬᠦᠴᠦ᠂ ᠵᠠᠮ ᠬᠠᠷᠢᠯᠴᠠᠭ᠎ᠠ᠂ ᠤᠰᠤ ᠵᠠᠯᠠᠬᠤ᠂ ᠭᠠᠵᠠᠷ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠴᠠᠭ ᠪᠠ ᠤᠶᠤᠨ ᠴᠢᠳᠠᠯ ᠢᠶᠠᠨ ᠲᠥᠪᠯᠡᠷᠡᠭᠦᠯᠦᠨ ᠨᠢᠭᠡᠳᠦᠭᠡᠷ ᠹᠷᠣᠨᠲ ᠲᠤ ᠬᠦᠷᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠠᠲᠤᠯᠠᠬᠤ ᠬᠡᠷᠡᠭᠲᠡᠢ︔ ᠣᠳᠣᠬᠠᠨ ᠤ ᠪᠠᠷᠢᠯᠭ᠎ᠠ ᠶᠢᠨ ᠰᠢᠵᠢᠷ ᠠᠯᠳᠠᠨ ᠤᠯᠠᠷᠢᠯ ᠢ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠠᠮᠵᠢᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号