ᠮᠠᠨ ᠤ ᠬᠤᠰᠢᠭᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ | ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠵᠢᠴᠢ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠥᠷᠨᠢᠭᠦᠯᠪᠡ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠲᠥᠪᠯᠡᠷᠡᠭᠦᠯᠦᠨ ᠤᠬᠠᠭᠤᠯᠬᠤ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠦᠨᠳᠦᠰᠦᠲᠡᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ | ᠨᠡᠶᠢᠭᠡᠮ ᠳᠠᠶᠠᠭᠠᠷ ᠲᠤ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠢᠶᠠᠨ | ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ 5 ᠰᠠᠷ᠎ᠠ ᠶᠢᠨ 17 ᠤ ᠡᠳᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠾᠧᠪᠧᠢ ᠵᠡᠭᠡᠯᠢ ᠭᠤᠳᠤᠮᠵᠢ ᠶᠢᠨ ᠬᠢᠨ | ᠾᠧᠪᠧᠢ ᠵᠡᠭᠡᠯᠢ ᠭᠤᠳᠤᠮᠵᠢ ᠶᠢᠨ ᠯᠦᠩ ᠴᠢᠤᠸᠠᠨ ᠨᠡᠶᠢᠭᠡᠮ ᠲᠣᠭᠤᠷᠢᠭ ᠲᠤ ︽ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠦᠨᠳᠦᠰᠦᠲᠡᠨ ᠤ ᠲᠥᠷᠥ ᠶᠢᠨ | ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ | ᠥᠷᠨᠢᠭᠦᠯᠪᠡ᠃ | ᠠᠵᠢᠯᠯᠠᠭ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ︾ ᠤᠨ ᠲᠠᠶᠢᠯᠤᠮᠵᠢ ᠪᠠᠷ ᠳᠡᠮᠵᠢᠨ᠂ ︽ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠶᠢ ᠭᠦᠨᠵᠡᠭᠡᠶ ᠤᠬᠠᠭᠤᠯᠤᠨ ᠲᠤᠤᠱᠯᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠭᠡᠬᠦ ᠤᠬᠠᠭᠤᠯᠭ᠎ᠠ ᠶᠢᠨ ᠡᠯᠭᠦᠭᠡ ᠪᠢᠴᠢᠭᠡᠰᠦ ᠳᠡᠭᠡᠷ᠎ᠡ ᠭᠠᠷ ᠤᠨ | ᠥᠰᠥᠭ ᠵᠢᠷᠤᠬᠤ᠂ ᠤᠬᠠᠭᠤᠯᠭ᠎ᠠ ᠶᠢᠨ ᠬᠠᠭᠤᠳᠠᠰᠤ ᠶᠢᠨ ᠤᠬᠠᠭᠤᠯᠭ᠎ᠠ ᠶᠢᠨ ᠤᠭᠤᠲᠠ ᠲᠠᠷᠬᠠᠭᠠᠬᠤ᠂ ᠲᠤᠬᠠᠶ ᠶᠢᠨ | ᠲᠠᠯᠠᠪᠤᠷ ᠲᠤ ᠬᠠᠤᠯᠢ ᠴᠠᠭᠠᠵᠠ ᠶᠢᠨ ᠯᠠᠪᠯᠠᠯᠲᠠ ᠥᠭᠬᠦ ᠵᠡᠷᠭᠡ ᠬᠢᠯᠪᠠᠷ ᠣᠶᠢᠯᠠᠭᠠᠮᠵᠢᠲᠠᠶ ᠠᠷᠭ᠎ᠠ ᠬᠡᠯᠪᠡᠷᠢ ᠪᠣᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠬᠠᠤᠯᠢ ᠶᠢᠨ ᠪᠢᠴᠢᠭ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠣᠯᠠᠨ ᠲᠦᠮᠡᠨ ᠳᠤ | ᠨᠢᠭᠤᠷᠲᠠᠨ ᠤᠬᠠᠭᠤᠯᠵᠤ᠂ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠣᠯᠠᠨ ᠲᠦᠮᠡᠨ ᠤ ᠦᠨᠳᠦᠰᠦᠲᠡᠨ ᠤ | ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠢᠷᠭᠡᠨ ᠤ ᠬᠠᠤᠯᠢ ᠶᠢᠨ ᠪᠢᠴᠢᠭ ᠤᠨ ᠲᠤᠬᠠᠶ | ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠡᠯ᠎ᠡ ᠦᠨᠳᠦᠰᠦᠲᠡᠨ ᠤ ᠤᠯᠠᠨ | ᠲᠦᠮᠡᠨ ᠤ ᠬᠠᠤᠯᠢ ᠶᠢ ᠵᠢᠷᠤᠮᠯᠠᠬᠤ᠂ ᠬᠠᠤᠯᠢ ᠶᠢ ᠰᠠᠬᠢᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠪᠠ︔ | ᠬᠠᠤᠯᠢ ᠶᠣᠰᠣᠭᠠᠷ ᠤᠯᠤᠰ ᠢᠶᠠᠨ ᠵᠠᠰᠠᠬᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠤᠬᠠᠶ ᠰᠤᠷᠤᠯᠴᠠᠯᠭ᠎ᠠ ᠪᠠ ᠣᠶᠢᠯᠠᠭᠠᠯᠲᠠ ᠶᠢ ᠠᠬᠢᠭᠤᠯᠪᠠ︔ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠲᠠᠰᠤᠷᠠᠯᠲᠠ ᠦᠭᠡᠢ ᠬᠥᠲᠥᠯᠥᠨ | ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠯ᠎ᠡ ᠦᠨᠳᠦᠰᠦᠲᠡᠨ ᠠᠷᠠᠳ ᠣᠯᠠᠨ ᠤ ᠰᠡᠳᠬᠢᠯ ᠤᠨ ᠭᠦᠨ ᠳᠤ ᠦᠨᠳᠦᠰᠦᠯᠡᠭᠦᠯᠦᠨ᠎ᠡ᠃ | |