ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠠᠶ ᠹᠠᠩ ᠮᠠᠨ ᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/20
ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠠᠶ ᠹᠠᠩ ᠮᠠᠨ ᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ    5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠠᠶ ᠹᠠᠩ ᠮᠠᠨ ᠤ ᠬᠤᠰᠢᠭᠤᠨ ᠳᠤ ᠢᠷᠡᠵᠦ ᠪᠤᠯᠪᠠᠰᠤᠨ ᠬᠤᠲᠠ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠪᠠᠷ᠎ᠠ ᠪᠣᠯᠪᠠ᠃    ᠰᠦᠨ ᠠᠢ ᠹᠠᠩ ᠨᠠᠷ ᠤᠷᠢᠳ ᠬᠤᠵᠢᠳ ᠡᡁᠧ ᠮᠧᠢ ᠪᠠᠷᠢᠯᠭ᠎ᠠ ᠶᠢᠨ ᠮᠠᠲᠧᠷᠢᠶᠠᠯ ᠤᠨ ᠬᠤᠳᠠ᠂ ᠨᠢᠰᠬᠡᠯ ᠤᠨ ᠪᠠᠭᠤᠳᠠᠯ ᠤᠨ ᠵᠠᠮ᠂ ᠡᡁᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠬᠤᠳᠠ ᠶᠢᠨ ᠶᠠᠪᠤᠳᠠᠯ ᠤᠨ ᠢᠨᠵᠧᠨᠧᠷᠢᠩ ᠢ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠰᠦᠨ ᠠᠶ ᠹᠠᠩ ᠲᠤᠭᠤᠷᠢᠨ ᠦᠵᠡᠬᠦ ᠶᠢᠨ ᠳᠠᠭᠠᠤ ᠯᠠᠪᠯᠠᠨ ᠠᠰᠠᠭᠤᠵᠤ ᠂ ᠮᠠᠨ ᠤ ᠬᠤᠰᠢᠭᠤᠨ ᠤ ᠪᠤᠯᠪᠠᠰᠤᠨ ᠬᠤᠲᠠ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠰᠦᠨ ᠠᠶ ᠹᠠᠩ ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠲᠡᠷᠡ ᠴᠢᠬᠤᠯᠠᠴᠢᠯᠠᠭᠰᠠᠨ ᠨᠢ᠂ ᠪᠤᠯᠪᠠᠰᠤᠨ ᠬᠤᠲᠠ ᠪᠠᠶᠢᠭᠤᠯᠬᠤ ᠠᠵᠢᠯ ᠤᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠳᠤ ᠴᠢᠳᠠᠮᠠᠭᠠᠢ ᠪᠠᠶᠢᠵᠤ᠂ ᠲᠥᠬᠦᠭᠡᠷᠦᠮᠵᠢ ᠶᠢ ᠳᠡᠭᠡᠭᠰᠢᠯᠡᠭᠦᠯᠬᠦ᠂ ᠬᠠᠮᠢᠶᠠᠷᠤᠯᠲᠠ ᠶᠢ ᠳᠡᠭᠡᠭᠰᠢᠯᠡᠭᠦᠯᠬᠦ᠂ ᠬᠡᠪ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠪᠤᠯᠪᠠᠰᠤᠨ ᠬᠤᠲᠠ ᠪᠠᠶᠢᠭᠤᠯᠬᠤ ᠠᠵᠢᠯ ᠳᠤ ᠣᠷᠣᠯᠴᠠᠬᠤ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ᠂ ᠣᠷᠣᠯᠴᠠᠬᠤ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠵᠣᠣ ᠶᠠᠨ ᠬᠤᠩ ᠮᠠᠨ ᠤ ᠬᠤᠰᠢᠭᠤᠨ ᠤ ᠪᠤᠯᠪᠠᠰᠤᠨ ᠬᠤᠲᠠ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠢᠯᠡᠷᠬᠡᠶᠢᠯᠡᠬᠦ ᠳᠡᠭᠡᠨ᠂ ᠮᠠᠨ ᠤ ᠬᠤᠰᠢᠭᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠤᠯᠪᠠᠰᠤᠨ ᠬᠤᠲᠠ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ︽ᠬᠥᠮᠦᠨ ᠪᠣᠯᠭᠠᠨ ᠪᠤᠯᠪᠠᠰᠤᠨ ᠬᠤᠲᠠ ᠪᠠᠶᠢᠭᠤᠯᠬᠤ ᠳᠤ ᠣᠷᠣᠯᠴᠠᠵᠤ᠂ ᠪᠣᠯᠪᠠᠰᠤᠨ ᠢᠶᠠᠷ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠲᠠ ᠪᠠᠶᠢᠭᠤᠯᠬᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠳᠥᠯᠭᠢᠨ ᠠᠬᠢᠭᠤᠯᠤᠨ᠎ᠠ ᠭᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号