ᠮᠠᠨ ᠤ ᠬᠤᠰᠢᠭᠤ ᠰᠣᠶᠣᠯ ᠤᠷᠠᠯᠢᠭ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/20
ᠮᠠᠨ ᠤ ᠬᠤᠰᠢᠭᠤ ᠰᠣᠶᠣᠯ ᠤᠷᠠᠯᠢᠭ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ    5 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠰᠣᠶᠣᠯ ᠤᠷᠠᠯᠢᠭ ᠤᠨ ᠠᠵᠢᠯ ᠤᠨ ᠰᠠᠭᠤᠳᠠᠯ ᠤᠨ ᠬᠤᠷᠠᠯ ᠬᠢᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠬᠤᠷᠠᠯ ᠳᠤ ᠣᠷᠣᠯᠴᠠᠵᠤ᠂ ᠤᠯᠠᠭᠠᠨᠬᠠᠳᠠ ᠬᠤᠲᠠ ᠶᠢᠨ ᠤᠳᠬ᠎ᠠ ᠤᠷᠠᠯᠢᠭ ᠤᠨ ᠬᠢᠨ ᠤ ᠨᠠᠷᠠᠲᠤ ᠬᠥᠮᠦᠰ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠵᠢᠷᠭᠤᠭᠠᠨ ᠶᠡᠭᠡ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠬᠤᠷᠠᠯ ᠢ ᠡᠷᠭᠢᠯᠡᠪᠡ᠃    ᠬᠤᠷᠠᠯ ᠳᠡᠭᠡᠷ᠎ᠡ ᠬᠠᠷᠠᠴᠢᠨ ᠬᠤᠰᠢᠭᠤᠨ ᠤ ᠰᠣᠶᠣᠯ ᠵᠤᠭᠠᠴᠠᠯ ᠤᠨ ᠤᠬᠠᠭᠤᠯᠭ᠎ᠠ ᠶᠢᠨ ᠹᠢᠯᠢᠮ ᠢ ᠦᠵᠡᠵᠦ᠂ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠪᠦᠬᠦ ᠬᠤᠰᠢᠭᠤᠨ ᠤ ᠰᠣᠶᠣᠯ ᠪᠠ ᠰᠣᠶᠣᠯ ᠵᠤᠭᠠᠴᠠᠯ ᠢ ᠠᠭᠤᠰᠤᠯᠴᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠦᠬᠦ ᠬᠤᠰᠢᠭᠤᠨ ᠤ ᠤᠳᠬ᠎ᠠ ᠤᠷᠠᠯᠢᠭ  ᠤᠨ ᠬᠤᠯᠪᠣᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠰᠦ ᠲᠤᠤ᠂ ᠰᠢᠶᠤᠤ ᠯᠦᠩ᠂ ᠡᠤ ᠶᠢᠨ ᠴᠧᠩ ᠵᠡᠷᠭᠡ ᠤᠯᠠᠭᠠᠨᠬᠠᠳᠠ ᠬᠤᠲᠠ ᠶᠢᠨ ᠤᠳᠬ᠎ᠠ ᠤᠷᠠᠯᠢᠭ ᠤᠨ ᠬᠢᠨ ᠤ 9 ᠨᠠᠷᠠᠲᠤ ᠬᠥᠮᠦᠰ ᠵᠢᠴᠢ ᠵᠢᠷᠭᠤᠭᠠᠨ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠤᠷᠢᠳ ᠬᠤᠵᠢᠳ ᠶᠠᠷᠢᠶ᠎ᠠ ᠲᠠᠯᠪᠢᠵᠤ᠂ ᠮᠠᠨ ᠤ ᠬᠤᠰᠢᠭᠤᠨ ᠤ ᠤᠳᠬ᠎ᠠ ᠤᠷᠠᠯᠢᠭ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠨ ᠠᠬᠢᠭᠤᠯᠬᠤ ᠳᠤ ᠠᠷᠭ᠎ᠠ ᠤᠬᠠᠭᠠᠨ ᠭᠠᠷᠭᠠᠪᠠ᠃ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠹᠠᠩ ᠷᠦᠢ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠥᠷᠭᠡᠨ ᠣᠯᠠᠨ ᠤᠳᠬ᠎ᠠ ᠤᠷᠠᠯᠢᠭ ᠪᠣᠯᠤᠨ ᠰᠣᠶᠣᠯ ᠵᠤᠭᠠᠴᠠᠯ ᠤᠨ ᠠᠵᠢᠯᠲᠠᠳ ᠣᠯᠠᠨ ᠵᠢᠯ ᠤᠨ ᠲᠤᠷᠰᠢ ᠤᠳᠬ᠎ᠠ ᠤᠷᠠᠯᠢᠭ ᠤᠨ ᠦᠢᠯᠡᠰ ᠤᠨ ᠵᠢᠮ᠎ᠡ ᠶᠣᠰᠣ ᠶᠢ ᠬᠠᠶᠢᠨ ᠰᠦᠪᠡᠭᠴᠢᠯᠡᠵᠦ᠂ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠬᠡᠯᠪᠡᠷᠢ ᠪᠠᠷ ᠴᠠᠭ ᠦᠶ᠎ᠡ ᠶᠢ ᠮᠠᠭᠲᠠᠨ ᠳᠠᠭᠤᠯᠠᠵᠤ᠂ ᠠᠮᠢᠳᠤᠷᠠᠯ ᠢ ᠮᠠᠭᠲᠠᠨ ᠳᠠᠭᠤᠯᠠᠵᠤ᠂ ᠠᠷᠠᠳ ᠲᠦᠮᠡᠨ ᠢ ᠮᠠᠭᠲᠠᠨ ᠳᠠᠭᠤᠯᠠᠵᠤ᠂ ᠤᠳᠬ᠎ᠠ ᠵᠣᠬᠢᠶᠠᠯ᠂ ᠤᠷᠠᠨ ᠪᠢᠴᠢᠯᠭᠡ᠂ ᠬᠡᠷᠡᠯ ᠵᠢᠷᠤᠭ ᠵᠡᠷᠭᠡ ᠡᠯ᠎ᠡ ᠬᠦᠷᠢᠶᠡᠨ ᠳᠤ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠰᠢᠨ᠎ᠡ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠮᠠᠨ ᠤ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠶᠡᠭᠡ ᠬᠡᠮᠵᠢᠶᠡᠨ ᠤ ᠦᠷ᠎ᠡ ᠪᠦᠲᠦᠮᠵᠢ ᠲᠠᠢ ᠠᠵᠢᠯ ᠬᠢᠵᠦ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠰᠢᠨ᠎ᠡ ᠰᠣᠷᠭᠤᠭ ᠬᠠᠷᠠᠴᠢᠨ ᠢ ᠪᠥᠲᠥᠭᠡᠨ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号