ᠸᠠᠩ ᠶᠧ ᠹᠦ᠋ ᠪᠠᠯᠭᠠᠰᠤ ︽ᠭᠤᠷᠪᠠᠨ ᠬᠡᠮᠵᠢᠯᠲᠡ︾ ᠪᠠᠷ ᠬᠦᠴᠦᠯᠡᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2022/5/24
ᠸᠠᠩ ᠶᠧ ᠹᠦ᠋ ᠪᠠᠯᠭᠠᠰᠤ ︽ᠭᠤᠷᠪᠠᠨ ᠬᠡᠮᠵᠢᠯᠲᠡ︾ ᠪᠠᠷ ᠬᠦᠴᠦᠯᠡᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ    ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠤᠰᠠᠳᠬᠠᠵᠤ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ ᠃ ᠣᠶᠢᠷ᠎ᠠ ᠳᠤ᠂ ᠸᠠᠩ ᠶᠧ ᠹᠦ᠋ ᠪᠠᠯᠭᠠᠰᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠥᠪᠡᠰᠦᠪᠡᠨ ᠬᠡᠷ ᠪᠠᠷᠢᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ︽ᠬᠡᠪᠢᠰ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠵᠦ᠂ ᠬᠠᠷᠢᠶᠠᠲᠤ ᠣᠷᠣᠨ ᠤ ᠥᠪᠡᠰᠦᠪᠡᠨ ᠬᠡᠷ ᠪᠠᠷᠢᠬᠤ ᠠᠮᠤᠷ ᠲᠦᠪᠰᠢᠨ ᠤ ᠬᠡᠮ ᠰᠣᠭᠤᠭ ᠢ ᠨᠢᠭᠡ ᠯᠡ ᠳᠡᠭᠡᠷ᠎ᠡ ᠤᠰᠠᠳᠬᠠᠬᠤ ᠶᠢ ᠦᠨᠡᠨ ᠬᠦ ᠪᠠᠲᠤᠯᠠᠪᠠ᠃    ᠤᠳᠤᠷᠢᠳᠤᠯᠭ᠎ᠠ ᠪᠠᠨ ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠸᠠᠩ ᠶᠧ ᠹᠦ᠋ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠲᠣᠰᠬᠤᠨ ᠤ ᠱᠦᠵᠢ ᠪᠠᠷ ᠪᠦᠷᠢᠯᠳᠦᠬᠦᠨ ᠪᠣᠯᠭᠠᠭᠰᠠᠨ ᠬᠥᠳᠡᠭᠡ ᠲᠣᠰᠬᠤᠨ ᠤ ᠥᠪᠡᠷᠲᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠠᠶᠢᠷᠢᠯᠠᠭᠤᠯᠤᠨ ᠲᠣᠬᠢᠷᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠣᠳᠣᠬᠠᠨ ᠤ ᠨᠢᠭᠡ ᠵᠦᠢᠯ ᠤᠨ ᠭᠤᠤᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠲᠣᠭᠲᠠᠭᠰᠠᠨ ᠬᠠᠷᠠᠯᠲᠠ ᠶᠣᠰᠣᠭᠠᠷ᠂ ᠬᠥᠳᠡᠭᠡ ᠲᠣᠰᠬᠤᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃    ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠨ᠎ᠠ᠃ ︽ᠬᠡᠨ ᠥᠮᠴᠢᠯᠡᠪᠡᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠡᠯ᠎ᠡ ᠲᠣᠰᠬᠤᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠡᠷ ᠪᠠᠶᠢᠰᠢᠩ ᠤᠨ ᠪᠦᠲᠦᠴᠡ ᠶᠢᠨ ᠠᠮᠤᠷ ᠲᠦᠪᠰᠢᠨ᠂ ᠬᠡᠷᠡᠭᠯᠡᠯᠲᠡ ᠶᠢᠨ ᠠᠮᠤᠷ ᠲᠦᠪᠰᠢᠨ ᠵᠡᠷᠭᠡ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ᠥᠪᠡᠷ ᠲᠡᠭᠡᠨ ᠬᠡᠷ ᠪᠠᠷᠢᠬᠤ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠂ ᠰᠢᠯᠭᠠᠨ ᠠᠪᠬᠤ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠶ᠃    ᠤᠬᠠᠭᠤᠯᠭ᠎ᠠ ᠪᠠᠨ ᠴᠢᠩᠭᠠᠳᠬᠠᠵᠤ᠂ ᠰᠠᠢᠨ ᠠᠭᠤᠷ ᠠᠮᠢᠰᠬᠤᠯ ᠢ ᠪᠣᠶ ᠪᠣᠯᠭᠠᠨ᠎ᠠ᠃ ᠪᠠᠯᠭᠠᠰᠤ ᠲᠣᠰᠬᠤᠨ ᠤ ᠺᠠᠳ᠋ᠷ ᠤᠨ ᠬᠦᠴᠦᠨ ᠢ ᠭᠦᠢᠴᠡᠳ ᠪᠠᠳᠠᠷᠠᠭᠤᠯᠵᠤ᠂ ᠥᠪᠡᠰᠦᠪᠡᠨ ᠬᠡᠷ ᠪᠠᠶᠢᠰᠢᠩ ᠪᠠᠷᠢᠬᠤ ᠳᠤ ᠠᠮᠤᠷ ᠲᠦᠪᠰᠢᠨ ᠤ ︽ᠲᠣᠰᠬᠤᠨ ᠢᠶᠠᠷ ᠶᠠᠪᠤᠵᠤ ᠡᠷᠦᠬᠡ ᠳᠤ ᠣᠷᠣᠬᠤ︾ ᠮᠠᠶ᠋ᠢᠭ ᠤᠨ ᠤᠬᠠᠭᠤᠯᠤᠨ ᠰᠠᠨᠠᠭᠤᠯᠬᠤ ᠪᠠ ᠵᠢᠯᠣᠭᠤᠳᠬᠤ ᠦᠢᠯᠡᠴᠢᠯᠡᠭᠡ ᠶᠢ ᠥᠷᠨᠢᠭᠦᠯᠵᠦ᠂ ᠲᠣᠰᠬᠤᠨ ᠤ ᠠᠷᠠᠳ ᠤᠨ ᠥᠪᠡᠰᠦᠪᠡᠨ ᠬᠡᠷ ᠪᠠᠶᠢᠰᠢᠩ ᠪᠠᠷᠢᠬᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠶᠢ ᠶᠡᠬᠡᠪᠡᠷ ᠤᠬᠠᠭᠤᠯᠵᠤ᠂ ᠲᠣᠰᠬᠤᠨ ᠤ ᠠᠷᠠᠳ ᠤᠨ ᠥᠪᠡᠰᠦᠪᠡᠨ ᠬᠡᠷ ᠪᠠᠶᠢᠰᠢᠩ ᠪᠠᠷᠢᠬᠤ ᠳᠠᠭᠠᠨ ᠨᠤᠷᠠᠭᠠᠬᠤ᠂ ᠥᠭᠡᠷᠡᠴᠢᠯᠡᠬᠦ᠂ ᠪᠠᠶᠢᠭᠤᠯᠬᠤ ᠦᠶ᠎ᠡ ᠳᠤ ᠬᠢᠷᠢ ᠬᠡᠮ ᠲᠠᠢ ᠪᠠᠷᠢᠯᠭ᠎ᠠ ᠶᠢᠨ ᠠᠩᠭᠢ ᠶᠢ ᠤᠷᠢᠨ ᠬᠡᠷᠡᠭᠯᠡᠬᠦ ᠶᠢ ᠰᠠᠨᠠᠭᠠᠴᠢᠯᠠᠨ᠎ᠠ᠃    ᠳᠠᠷᠠᠭᠠᠴᠢ ᠶᠢᠨ ᠠᠯᠬᠤᠮ ᠳᠤ᠂ ᠸᠠᠩ ᠶᠧ ᠹᠦ᠋ ᠪᠠᠯᠭᠠᠰᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠢ ᠳᠡᠭᠡᠳᠦᠯᠡᠬᠦ ᠠᠵᠢᠯ ᠤᠨ ᠣᠨᠣᠯᠵᠢᠬᠤᠨ ᠢ ᠪᠣᠶ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠨᠠᠷᠢᠯᠢᠭ ᠤᠨᠤᠪᠴᠢᠲᠠᠢ ᠪᠠᠷ ᠵᠢᠭᠰᠠᠭᠠᠨ ᠪᠠᠶᠢᠴᠠᠭᠠᠬᠤ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠬᠦ ᠶᠢ ᠪᠠᠷᠢᠮᠲᠠᠯᠠᠵᠤ᠂ ᠥᠪᠡᠰᠦᠪᠡᠨ ᠬᠡᠷ ᠪᠠᠷᠢᠬᠤ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠵᠤ᠂ ᠥᠪᠡᠰᠦᠪᠡᠨ ᠬᠡᠷ ᠪᠠᠷᠢᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠬᠠᠷᠢᠶ᠎ᠠ ᠣᠷᠣᠨ ᠤ ᠥᠪᠡᠰᠦᠪᠡᠨ ᠬᠡᠷ ᠪᠠᠷᠢᠬᠤ ᠠᠴᠠ ᠪᠣᠯᠤᠭᠰᠠᠨ ᠠᠮᠤᠷ ᠲᠦᠪᠰᠢᠨ ᠤ ᠠᠳᠡᠯ ᠢ ᠡᠬᠢ ᠡᠭᠦᠰᠦᠯ ᠠᠴᠠ ᠨᠢ ᠪᠠᠭᠠᠰᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠥᠬᠦ ᠪᠠᠯᠭᠠᠰᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ᠃

640 (4).png

640 (3).png

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号