ᠬᠠᠷᠠᠴᠢᠨ ᠬᠤᠰᠢᠭᠤᠨ ᠤ ᠬᠤᠲᠠ ᠶᠢᠨ ᠭᠤᠤᠯ ᠲᠣᠭᠤᠷᠢᠭ ᠤᠨ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ︽ᠭᠤᠷᠪᠠᠨ ᠲᠤᠰᠬᠠᠶ ᠵᠦᠢᠯ︾ ᠤᠨ ᠠᠵᠢᠯᠯᠠᠭ᠎ᠠ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/5/24
ᠬᠠᠷᠠᠴᠢᠨ ᠬᠤᠰᠢᠭᠤᠨ ᠤ ᠬᠤᠲᠠ ᠶᠢᠨ ᠭᠤᠤᠯ ᠲᠣᠭᠤᠷᠢᠭ  ᠤᠨ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ︽ᠭᠤᠷᠪᠠᠨ ᠲᠤᠰᠬᠠᠶ ᠵᠦᠢᠯ ︾ ᠤᠨ ᠠᠵᠢᠯᠯᠠᠭ᠎ᠠ ᠥᠷᠨᠢᠭᠦᠯᠬᠦ ᠲᠤᠬᠠᠶ ᠵᠠᠷᠯᠠᠯ    ᠬᠤᠲᠠ ᠶᠢᠨ ᠵᠠᠮ ᠬᠠᠷᠢᠯᠴᠠᠭᠠᠨ ᠤ ᠴᠡᠭᠴᠡᠯᠡᠨ ᠵᠠᠰᠠᠯᠲᠠ ᠶᠢ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠠᠮᠤᠷ ᠲᠦᠪᠰᠢᠨ ᠤ ᠬᠢᠷᠢ ᠬᠡᠮᠵᠢᠶ᠎ᠡ ᠵᠢᠴᠢ ᠬᠤᠲᠠ ᠶᠢᠨ ᠵᠠᠮ ᠬᠠᠷᠢᠯᠴᠠᠭᠠᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠰᠠᠮᠠᠭᠤᠨ ᠦᠵᠡᠭᠳᠡᠯ ᠢ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠬᠦ ᠶᠢ ᠨᠠᠶᠢᠳᠠᠪᠤᠷᠢᠵᠢᠭᠤᠯᠤᠨ᠂ ᠬᠤᠲᠠ ᠶᠢᠨ ᠵᠣᠬᠢᠴᠠᠭᠤᠯᠤᠨ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠵᠠᠮ ᠬᠠᠷᠢᠯᠴᠠᠭ᠎ᠠ ᠳᠤ ᠣᠷᠣᠯᠴᠠᠭᠰᠠᠳ ᠤᠨ ᠪᠣᠯᠪᠠᠰᠤᠨ ᠵᠠᠮ ᠬᠠᠷᠢᠯᠴᠠᠭᠠᠨ ᠤ ᠬᠡᠪ ᠴᠢᠨᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠬᠥᠲᠥᠯᠥᠨ ᠠᠬᠢᠭᠤᠯᠵᠤ᠂ ᠬᠤᠲᠠ ᠶᠢᠨ ᠵᠠᠮ ᠨᠡᠪᠲᠡᠷᠡᠯᠭᠡ ᠶᠢᠨ ᠡᠮᠬᠢ ᠳᠢᠭᠯᠢᠮ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠵᠣᠷᠢᠭ ᠰᠠᠨᠠᠭᠠᠨ ᠤ ᠵᠢᠭᠠᠪᠤᠷᠢ ᠶᠣᠰᠣᠭᠠᠷ᠂ ᠪᠥᠬᠦ ᠬᠤᠰᠢᠭᠤᠨ ᠤ ᠬᠤᠲᠠ ᠤᠨ ᠭᠤᠤᠯ ᠲᠣᠭᠤᠷᠢᠭ ᠤᠨ ᠬᠡᠪᠴᠢᠶᠡᠨ ᠳᠤ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ︽ᠭᠤᠷᠪᠠᠨ ᠲᠤᠰᠬᠠᠶ ᠵᠦᠢᠯ ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠂ ᠡᠳᠦᠭᠡ ᠳᠣᠤᠷᠠᠬᠢ ᠮᠡᠲᠦ ᠵᠠᠷᠯᠠᠶ᠎ᠠ᠄ᠨᠢᠭᠡ᠂ ᠡᠭᠦᠷᠭᠡ ᠬᠠᠷᠠᠯᠲᠠ    ︽ᠣᠭᠲᠣ ᠠᠭᠤᠴᠢᠯᠠᠬᠤ ᠥᠬᠡᠶ᠂ ᠪᠦᠬᠦᠨ ᠢ ᠬᠠᠮᠤᠷᠬᠤ᠂ ᠥᠷᠭᠡᠨ ᠢᠶᠠᠷ ᠤᠬᠠᠭᠤᠯᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠤᠭ ᠤᠨ ᠶᠡᠭᠡ ᠰᠢᠢᠳᠪᠦᠷᠢ ᠵᠣᠷᠢᠭ᠂ ᠬᠠᠮᠤᠭ ᠤᠨ ᠴᠢᠩᠭ᠎ᠠ ᠬᠠᠤᠯᠢ ᠬᠡᠷᠡᠭᠵᠢᠭᠦᠯᠬᠦ ᠡᠷᠴᠢᠮ ᠪᠠᠷ ᠵᠠᠮ ᠬᠠᠷᠢᠯᠴᠠᠭᠠᠨ ᠤ ᠬᠠᠮᠢᠶᠠᠷᠤᠯᠲᠠ  ᠢ ᠦᠨᠡᠨᠬᠦ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ ᠶᠢ ᠴᠢᠩᠭᠠᠳᠬᠠᠨ᠂ ᠬᠠᠮᠵᠢᠯᠴᠠᠨ ᠬᠠᠮᠲᠤᠪᠠᠷ ᠵᠠᠰᠠᠬᠤ ᠶᠢ ᠠᠬᠢᠭᠤᠯᠵᠤ᠂ ᠴᠡᠭᠴᠡᠯᠡᠨ ᠵᠠᠰᠠᠬᠤ ᠰᠦᠷ ᠬᠦᠴᠦᠨ ᠢ ᠪᠣᠶ ᠪᠣᠯᠭᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠲᠣᠭᠲᠠᠪᠤᠷᠢᠵᠢᠭᠤᠯᠤᠨ᠂ ᠦᠨᠡᠨᠬᠦ ᠶᠣᠰᠣ ᠲᠦᠷᠢᠮ ᠲᠠᠢ ᠬᠠᠮᠢᠶᠠᠷᠴᠤ᠂ ᠦᠷ᠎ᠡ ᠪᠦᠲᠦᠮᠵᠢ ᠲᠠᠢ ᠪᠣᠯᠭᠠᠨ᠎ᠠ᠃ ᠬᠤᠶᠠᠷ᠂ ᠠᠵᠢᠯ ᠤᠨ ᠭᠤᠣᠯᠳᠠᠯᠭ᠎ᠠ    ︵ᠨᠢᠭᠡ︶ ᠮᠠᠰᠢᠨᠲᠤ ᠲᠡᠷᠭᠡ ᠶᠠᠪᠠᠭᠠᠨ ᠬᠥᠮᠦᠨ ᠲᠤ ᠨᠠᠶᠢᠷ ᠲᠠᠯᠪᠢᠬᠤ ᠥᠭᠡᠢ ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ ︔    ︵ᠬᠤᠶᠠᠷ︶ ᠴᠠᠬᠢᠯᠭᠠᠨ ᠬᠥᠳᠡᠯᠭᠡᠭᠦᠷᠲᠦ ᠲᠡᠷᠭᠡ ᠲᠤᠭᠲᠠᠭᠰᠠᠨ ᠲᠡᠷᠭᠡᠨ ᠵᠠᠮ ᠢᠶᠠᠷ ᠶᠠᠪᠤᠬᠤ ᠦᠭᠡᠢ ᠂ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠭᠡᠢ᠂ ᠵᠠᠮ ᠬᠠᠷᠢᠯᠴᠠᠭᠠᠨ  ᠤ ᠲᠤᠬᠢᠶ᠎ᠠ ᠶᠢ ᠥᠯᠥ ᠵᠢᠷᠤᠮᠯᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠭᠤᠣᠯᠳᠠᠯᠭ᠎ᠠ ᠲᠠᠢ ᠥᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ ︔    ︵ ᠭᠤᠷᠪᠠ ︶ ᠲᠦᠬᠦᠮ ᠫᠷᠤᠭ᠍ᠷᠠᠮ ᠢ ᠬᠡᠷᠡᠭᠯᠡᠨ ᠵᠠᠮ ᠬᠠᠷᠢᠯᠴᠠᠭᠠᠨ ᠤ ᠡ᠊ᠨᠳᠡᠯ ᠢ ᠲᠦᠷᠭᠡᠨ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠤ ᠡ᠊ᠨᠳᠡᠯ ᠠᠴᠠ ᠪᠣᠯᠤᠭᠰᠠᠨ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠠᠮᠳᠠᠭᠤᠯᠬᠤ ᠶᠢ ᠰᠠᠨᠠᠭᠠᠴᠢᠯᠠᠨ᠎ᠠ᠃ ᠭᠤᠷᠪᠠ᠂ ᠠᠵᠢᠯᠯᠠᠭᠠᠨ ᠤ ᠴᠠᠭ    ︵ᠨᠢᠭᠡ︶ ᠥᠷᠭᠡᠨ ᠳᠡᠯᠭᠡᠷ ᠤᠬᠠᠭᠤᠯᠭ᠎ᠠ ᠶᠢᠨ ᠱᠠᠲᠤ ᠦᠶ᠎ᠡ ︵5 ᠳ᠋ᠤᠭᠠᠷ ᠰᠠᠷ᠎ᠠ ᠶᠢᠨ 6 ᠤ ᠡᠳᠦᠷ ᠠᠴᠠ 5 ᠳ᠋ᠤᠭᠠᠷ ᠰᠠᠷ᠎ᠠ ᠶᠢᠨ 23 ᠤ ᠡᠳᠦᠷ︶᠄ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠳᠠᠬᠢᠨ ᠥᠷᠭᠡᠳᠬᠡᠵᠦ᠂ ᠤᠬᠠᠭᠤᠯᠭ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠠᠯᠬᠤᠮ ᠳᠠᠷᠠᠭ᠎ᠠ᠂ ᠱᠠᠲᠤ ᠬᠤᠪᠢᠶᠠᠨ ᠲᠡᠭᠡᠭᠡᠪᠦᠷᠢ ᠶᠢᠨ ᠠᠵᠤ ᠠᠬᠤᠶᠢᠯᠠᠯ᠂ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ᠂ ᠵᠢᠯᠣᠭᠤᠴᠢ ᠶᠢᠨ ᠰᠤᠷᠭᠠᠭᠤᠯᠢ᠂ ᠨᠡᠶᠢᠭᠡᠮ ᠲᠣᠭᠤᠷᠢᠭ᠂ ᠪᠠᠷᠢᠯᠭ᠎ᠠ ᠶᠢᠨ ᠭᠠᠵᠠᠷ᠂ ᠲᠦᠷᠭᠡᠨ ᠬᠦᠷᠭᠡᠯᠲᠡ ᠶᠢᠨ ᠭᠠᠳᠠᠭᠰᠢ ᠬᠤᠳᠠᠯᠳᠤᠬᠤ ᠠᠵᠤ ᠠᠬᠤᠶᠢᠯᠠᠯ᠂ ᠬᠤᠳᠠᠯᠳᠤᠭᠠᠨ ᠤ ᠲᠠᠯᠠᠪᠤᠷ ᠵᠡᠷᠭᠡ ᠭᠠᠵᠠᠷ ᠲᠤ ᠭᠦᠨᠵᠡᠭᠡᠶᠢᠷᠡᠭᠦᠯᠦᠨ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ︔    ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵5 ᠳ᠋ᠤᠭᠠᠷ ᠰᠠᠷ᠎ᠠ ᠶᠢᠨ 24 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ︶᠄ ᠥᠨᠳᠥᠷ ᠣᠷᠭᠢᠯ ᠤᠨ ᠴᠡᠭ ᠢ ᠰᠠᠬᠢᠬᠤ ᠪᠠ ᠲᠡᠭᠰᠢ ᠣᠷᠭᠢᠯ ᠤᠨ ᠱᠤᠭᠤᠮ ᠢ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ᠂ ᠲᠣᠭᠲᠠᠮᠠᠯ ᠬᠠᠤᠯᠢ ᠬᠡᠷᠡᠭᠵᠢᠭᠦᠯᠬᠦ ᠪᠠ ᠨᠡᠭᠦᠳᠡᠯ ᠬᠠᠤᠯᠢ ᠬᠡᠷᠡᠭᠵᠢᠭᠦᠯᠬᠦ ᠶᠢ ᠬᠠᠷᠢᠯᠴᠠᠨ ᠤᠶᠠᠯᠳᠤᠭᠤᠯᠬᠤ᠂ ᠰᠤᠷᠭᠠᠨ ᠬᠥᠮᠦᠵᠢᠭᠦᠯᠬᠦ ᠪᠠ ᠲᠣᠷᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠵᠠᠮ ᠤᠨ ᠠᠭᠤᠯᠵᠠᠷ ᠵᠠᠮ ᠳᠠᠷᠠᠭᠠᠯᠠᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠴᠢᠩᠭ᠎ᠠ ᠬᠠᠮᠢᠶᠠᠷᠴᠤ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠵᠠᠮ ᠬᠠᠷᠢᠯᠴᠠᠭ᠎ᠠ ᠳᠤ ᠣᠷᠣᠯᠴᠠᠭᠰᠠᠳ ᠤᠨ ᠬᠠᠤᠯᠢ ᠶᠢ ᠰᠠᠬᠢᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ︔    ︵ ᠭᠤᠷᠪᠠ ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ︵6 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ︶᠄ ᠭᠤᠷᠪᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠠᠮᠵᠢᠯᠲᠠ ᠲᠠᠢ ᠲᠤᠷᠰᠢᠯᠭ᠎ᠠ ᠠᠷᠭ᠎ᠠ ᠬᠢᠳᠡᠯ ᠢ ᠲᠣᠭᠲᠠᠪᠤᠷᠢᠵᠢᠭᠤᠯᠤᠨ᠂ ᠬᠠᠮᠢᠶ᠎ᠠ ᠪᠥᠬᠦᠶ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠲᠤᠪᠠᠷ ᠵᠠᠰᠠᠵᠤ ᠬᠠᠮᠲᠤᠪᠠᠷ ᠬᠠᠮᠢᠶᠠᠷᠴᠤ᠂ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号