ᠮᠠᠨ ᠤ ᠬᠤᠰᠢᠭᠤ ᠨᠡᠶᠢᠭᠡᠮ ᠤᠨ ᠤᠬᠠᠭᠤᠯᠭ᠎ᠠ ᠶᠢᠨ ᠠᠵᠢᠯ ᠤᠨ ᠲᠤᠰᠬᠠᠶ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/24
ᠮᠠᠨ ᠤ ᠬᠤᠰᠢᠭᠤ ᠨᠡᠶᠢᠭᠡᠮ ᠤᠨ ᠤᠬᠠᠭᠤᠯᠭ᠎ᠠ ᠶᠢᠨ ᠠᠵᠢᠯ ᠤᠨ ᠲᠤᠰᠬᠠᠶ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠪᠠ    ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠾᠧ ᠮᠧᠶ ᠬᠦᠷᠢᠶᠡᠯᠡᠩ ᠲᠣᠭᠤᠷᠢᠭ ᠠᠴᠠ ᠵᠢᠨᠱᠠᠨ ᠬᠤᠲᠠ ᠲᠣᠭᠤᠷᠢᠭ ᠬᠥᠷᠬᠦ S206 ᠵᠠᠰᠠᠮᠠᠯ ᠵᠠᠮ ᠳᠠᠭᠠᠤ ᠶᠢᠨ ᠨᠡᠶᠢᠭᠡᠮ ᠤᠨ ᠤᠬᠠᠭᠤᠯᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ ᠣᠶᠢᠷ᠎ᠠ ᠳᠤ᠂ ᠮᠠᠨ ᠤ ᠬᠤᠰᠢᠭᠤ ᠨᠡᠶᠢᠭᠡᠮ ᠤᠨ ᠤᠬᠠᠭᠤᠯᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠵᠤ᠂ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠬᠤᠷᠠᠯ ᠡᠷᠭᠢᠯᠡᠵᠦ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠳ᠋ᠦᠩ ᠯᠸᠢ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠮᠲᠤᠷᠠᠯᠴᠠᠭ᠎ᠠ ᠪᠠᠨ ᠦᠨᠡᠨ ᠬᠦ ᠴᠢᠩᠭᠠᠳᠬᠠᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠡᠭᠴᠡᠯᠡᠨ ᠵᠠᠰᠠᠬᠤ ᠠᠯᠪᠠᠨ ᠵᠠᠷ ᠢ ᠴᠠᠭ ᠲᠤᠬᠠᠶ ᠳᠤᠨᠢ ᠨᠡᠶᠢᠲᠡᠯᠡᠵᠦ᠂ ᠤᠬᠠᠭᠤᠯᠤᠨ ᠬᠥᠲᠥᠯᠦᠨ ᠵᠢᠯᠣᠭᠤᠳᠬᠤ ᠶᠢ ᠬᠦᠴᠦᠯᠡᠨ ᠴᠢᠩᠭᠠᠳᠬᠠᠵᠤ᠂ ᠥᠮᠴᠢᠲᠡᠨ ᠤ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠲᠣᠭᠲᠠᠭᠰᠠᠨ ᠬᠤᠭᠤᠴᠠᠭᠠᠨ ᠳᠤ ᠢᠯᠭᠠᠷᠠᠭᠤᠯᠤᠨ ᠳᠢᠭᠯᠡᠬᠦ ᠬᠡᠷᠡᠭᠲᠡᠶ︔ ᠲᠣᠰ ᠪᠡᠶ᠎ᠡ ᠶᠢᠨ ᠡᠭᠦᠷᠭᠡᠯᠡᠭᠰᠡᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠬᠠᠷᠢᠶ᠎ᠠ ᠭᠠᠵᠠᠷ ᠤᠨ ᠲᠤᠰᠬᠠᠶ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠠᠷᠭ᠎ᠠ ᠶᠢ ᠲᠦᠷᠭᠡᠳᠬᠡᠨ ᠲᠣᠭᠲᠠᠭᠠᠵᠤ ᠨᠡᠶᠢᠲᠡᠯᠡᠨ ᠬᠡᠷᠡᠭᠵᠢᠭᠦᠯᠵᠦ᠂ ᠰᠢᠶᠠᠩ ᠪᠠᠯᠭᠠᠰᠤ ᠂ ᠥᠮᠴᠢᠲᠡᠨ ᠪᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠰᠦᠪᠡᠭᠴᠢᠯᠡᠨ ᠪᠠᠶᠢᠭᠤᠯᠬᠤ ᠬᠡᠷᠡᠭᠲᠡᠶ᠃    ᠢ ᠰᠢᠤ ᠴᠢᠤᠸᠠᠨ ᠵᠢᠭᠠᠵᠤ ᠭᠠᠷᠭᠠᠭᠰᠠᠨ ᠨᠢ᠂ S206 ᠱᠤᠭᠤᠮ ᠤᠨ ᠰᠦᠢᠳᠬᠡᠯ ᠬᠤᠷᠢᠶᠠᠬᠤ ᠥᠷᠲᠡᠭᠡ ᠶᠢ ᠬᠠᠰᠤᠭᠰᠠᠨ ᠤ ᠳᠠᠷᠠᠭ᠎ᠠ᠂ ᠲᠡᠷᠭᠡᠨ ᠤ ᠤᠷᠤᠰᠬᠠᠯ᠂ ᠬᠥᠮᠦᠨ ᠤ ᠤᠷᠤᠰᠬᠠᠯ ᠶᠡᠭᠡ ᠪᠠᠷ ᠨᠡᠮᠡᠭᠳᠡᠵᠦ᠂ ᠵᠠᠮ ᠳᠠᠭᠠᠤ ᠶᠢᠨ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠨᠢ ᠡᠪᠳᠡᠷᠡᠵᠦ ᠬᠠᠭᠤᠴᠢᠷᠠᠵᠤ᠂ ᠴᠠᠭ ᠲᠤᠬᠠᠶ ᠳᠤᠨᠢ ᠰᠢᠨᠡᠳᠬᠡᠭᠳᠡᠭᠰᠡᠨ ᠥᠬᠡᠶ ᠮᠥᠷᠲᠡᠭᠡᠨ ᠪᠠᠰᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠶ ᠥᠷᠨᠢᠭᠦᠯᠦᠨ᠂ ᠵᠠᠮ ᠳᠠᠭᠠᠤ ᠶᠢᠨ ᠰᠢᠶᠠᠩ ᠪᠠᠯᠭᠠᠰᠤ ᠨᠤᠭᠤᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠬᠠᠭᠤᠯᠭ᠎ᠠ ᠶᠢᠨ ᠵᠠᠷ ᠮᠡᠳᠡᠭᠡ ᠶᠢᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠡᠮᠬᠢ ᠵᠢᠷᠤᠮ ᠲᠠᠢ ᠪᠥᠭᠡᠳ ᠵᠢᠷᠤᠮᠵᠢᠯ ᠲᠠᠢ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ ᠬᠠᠤᠯᠢ ᠶᠣᠰᠣᠨ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号