ᠮᠠᠨ ᠤ ᠬᠤᠰᠢᠭᠤ 2022 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠣᠷᠣᠨ ᠤ ᠬᠤᠷᠢᠨ ᠳᠣᠯᠣᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2022/5/26
ᠮᠠᠨ ᠤ ᠬᠤᠰᠢᠭᠤ 2022 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠣᠷᠣᠨ ᠤ ᠬᠤᠷᠢᠨ ᠳᠣᠯᠣᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠷᠭᠢᠯᠡᠪᠡ    5 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ︽ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠲᠠ ᠪᠢᠳᠡ ᠬᠤᠶᠠᠷ ᠬᠠᠮᠲᠤ ᠪᠠᠷ ᠤᠷᠤᠭᠰᠢᠯᠠᠶ᠎ᠠ︾ ᠭᠡᠬᠦ ᠭᠤᠤᠯ ᠰᠡᠳᠦᠪᠲᠦ ᠮᠢᠬᠠᠨ ᠨᠤᠭᠤᠰᠤ ᠲᠡᠵᠢᠭᠡᠨ ᠦᠷᠡᠵᠢᠭᠦᠯᠬᠦ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠠᠶᠢᠯᠤᠮᠵᠢ ᠥᠪᠥᠷ ᠮᠣᠩᠭᠤᠯ ᠤᠨ ᠵᠢᠦ ᠮᠦ  ᠾᠧ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠶᠠᠪᠤᠭᠳᠠᠪᠠ᠃ ᠲᠤᠰᠬᠠᠶ ᠮᠡᠷᠭᠡᠵᠢᠯᠲᠡᠳ ᠲᠤᠬᠠᠶ ᠶᠢᠨ ᠲᠠᠯᠠᠪᠠᠶ ᠳᠤ ᠮᠢᠬᠠᠨ ᠨᠤᠭᠤᠰᠤ ᠲᠡᠵᠢᠭᠡᠨ ᠦᠷᠡᠵᠢᠭᠦᠯᠬᠦ ᠡᠷᠦᠬᠡ᠂ ᠲᠡᠵᠢᠭᠡᠨ ᠦᠷᠡᠵᠢᠭᠦᠯᠬᠦ ᠲᠣᠭᠤᠷᠢᠭ ᠤᠨ ᠮᠡᠷᠭᠡᠵᠢᠯᠲᠡᠳ ᠲᠤ ᠮᠢᠬᠠᠨ ᠨᠤᠭᠤᠰᠤ ᠲᠡᠵᠢᠭᠡᠨ ᠠᠷᠠᠴᠢᠯᠠᠬᠤ ᠬᠠᠮᠢᠶᠠᠷᠤᠯᠲᠠ ᠪᠠ ᠮᠢᠬᠠᠨ ᠨᠤᠭᠤᠰᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠮᠡᠷᠭᠡᠵᠢᠯ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠮᠠᠨ ᠤ ᠬᠤᠰᠢᠭᠤᠨ ᠤ ᠬᠤᠷᠢᠨ ᠳᠣᠯᠣᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠬᠥᠰᠢᠭᠡ ᠶᠢ ᠨᠡᠭᠡᠭᠡᠭᠰᠡᠨ ᠪᠠᠶᠢᠨ᠎ᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠦᠵᠡᠭᠦᠯᠦᠯᠭᠡ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠳᠤ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠦᠷᠢᠮ︾ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ᠪᠠ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠨᠤᠭᠤᠳ︾ ᠵᠡᠷᠭᠡ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠨᠤᠭᠤᠳ ᠢ  ᠦᠷᠭᠡᠨ ᠪᠠᠷ ᠳᠦᠭᠡᠮᠡᠯᠵᠢᠪᠠ᠃    ᠲᠣᠰ ᠤᠳᠠᠭᠠᠨ ᠤ ᠠᠵᠢᠯᠯᠠᠭ᠎ᠠ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠶᠢ ᠦᠢᠯᠡᠳᠦᠯᠭᠡᠵᠢᠭᠦᠯᠬᠦ ᠪᠠᠷ ᠬᠠᠷᠠᠯᠲᠠ ᠪᠣᠯᠭᠠᠵᠤ᠂ ︽ᠪᠣᠳᠠᠲᠤ ᠶᠠᠪᠤᠳᠠᠯ ᠪᠦᠲᠦᠭᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ︾ ᠵᠠᠷᠴᠢᠮ ᠶᠣᠰᠣᠭᠠᠷ᠂ ᠮᠠᠨ ᠤ ᠬᠤᠰᠢᠭᠤᠨ ᠤ ᠮᠢᠬ᠎ᠠ ᠨᠤᠭᠤᠰᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠭᠤᠯᠭ᠎ᠠ ᠪᠠ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃

640.png

 

640 (1).png

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号