ᠪᠠᠭ᠎ᠠ ᠨᠡᠭᠦᠴᠡ ᠪᠠᠯᠭᠠᠰᠤᠨ ᠤ ᠨᠠᠮ ᠤᠨ ᠬᠤᠷᠢᠶ᠎ᠡ᠄ ︽ᠭᠤᠷᠪᠠᠨ ᠠᠷᠭ᠎ᠠ ᠬᠡᠮᠵᠢᠶ᠎ᠡ︾ ᠪᠠᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠭᠦᠨᠵᠡᠭᠡᠢ ᠬᠢᠵᠦ ᠪᠤᠳᠠᠳᠠᠢᠵᠢᠭᠤᠯᠪᠠ
ᠨᠡᠶᠢᠲᠡᠯᠡᠭᠰᠡᠨ ᠴᠠᠭ᠄
2022/5/26
ᠪᠠᠭ᠎ᠠ ᠨᠡᠭᠦᠴᠡ ᠪᠠᠯᠭᠠᠰᠤᠨ ᠤ ᠨᠠᠮ ᠤᠨ ᠬᠤᠷᠢᠶ᠎ᠡ ᠄ ︽ᠭᠤᠷᠪᠠᠨ ᠠᠷᠭ᠎ᠠ ᠬᠡᠮᠵᠢᠶ᠎ᠡ︾ ᠪᠠᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠭᠦᠨᠵᠡᠭᠡᠢ ᠬᠢᠵᠦ ᠪᠤᠳᠠᠳᠠᠢᠵᠢᠭᠤᠯᠪᠠ    ᠪᠥᠬᠦ ᠬᠤᠰᠢᠭᠤᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠥᠷᠨᠢᠭᠦᠯᠦᠭᠰᠡᠨ ᠠᠴᠠ ᠨᠠᠰᠢ᠂ ᠪᠠᠭ᠎ᠠ ᠨᠡᠭᠦᠴᠡ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠨᠳᠥᠷ ᠪᠠᠶᠢᠷᠢᠨ ᠳᠤ ᠤᠯᠠᠮᠵᠢᠯᠠᠨ ᠪᠠᠶᠢᠷᠢᠯᠠᠭᠤᠯᠬᠤ᠂ ᠪᠥᠬᠦ ᠲᠠᠯ᠎ᠠ ᠪᠠᠷ ᠪᠣᠳᠠᠲᠠᠶᠢᠵᠢᠭᠤᠯᠤᠨ ᠠᠬᠢᠭᠤᠯᠬᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠦᠷᠭᠦᠯᠵᠢᠯᠡᠨ ᠠᠬᠢᠭᠤᠯᠵᠤ ᠦᠷ᠎ᠡ ᠪᠦᠲᠦᠮᠵᠢ ᠤᠯᠪᠠ᠃4 ᠰᠠᠷ᠎ᠠ ᠶᠢᠨ 24 ᠤ ᠡᠳᠦᠷ᠂ ᠪᠠᠯᠭᠠᠰᠤᠨ ᠤ ᠨᠠᠮ ᠵᠠᠰᠠᠭ ᠤᠨ ᠪᠠᠭ ᠤᠨ ᠬᠤᠷᠠᠯ ᠢ ᠬᠤᠷᠠᠯᠳᠤᠭᠤᠯᠵᠤ᠂ ︽ᠪᠦᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠬᠠᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠶᠢᠨ ᠠᠰᠠᠭᠤᠳᠠᠯ ᠤᠨ ᠨᠠᠷᠢᠨ ᠲᠠᠩᠰᠠ ᠶᠢ ᠨᠡᠶᠢᠲᠡᠯᠡᠵᠡᠢ᠃ 4 ᠰᠠᠷ᠎ᠠ ᠶᠢᠨ 27 ᠤ ᠡᠳᠦᠷ᠂ ᠪᠦᠬᠦ ᠪᠠᠯᠭᠠᠰᠤᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠡᠯ᠎ᠡ ᠵᠦᠢᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠤᠨ ᠪᠣᠳᠠᠲᠠᠢ ᠠᠳᠬᠤᠨ ᠰᠠᠢᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠪᠠ᠃    ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠣᠭᠤᠷᠢᠨ ᠳᠤ ᠰᠤᠳᠤᠯᠤᠨ ᠶᠠᠷᠢᠯᠴᠠᠵᠤ ᠂ ᠪᠠᠭ ᠤᠨ ᠪᠦᠷᠢᠯᠳᠦᠬᠦᠨ ᠨᠡᠷ ᠥᠪᠡᠷ ᠥᠪᠡᠷ ᠤᠨ ᠣᠯᠤᠯᠲᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠭᠰᠠᠨ ᠲᠦᠷᠦᠭᠳᠡᠯ ᠢᠶᠠᠨ ᠨᠠᠷᠢᠨ ᠬᠢᠨᠠᠮᠠᠭᠠᠢ ᠰᠤᠯᠢᠯᠴᠠᠪᠠ᠃    ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠶ ᠰᠡᠳᠦᠪᠲᠦ ᠰᠤᠷᠤᠯᠴᠠᠯᠭ᠎ᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ ᠲᠤᠬᠠᠶ ᠴᠢᠬᠤᠯᠠ ᠥᠭᠦᠯᠡᠯᠲᠡ᠂ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠥᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠲᠥᠰᠦᠯ ᠢ ᠲᠥᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠬᠠᠶ ᠬᠠᠮᠢᠶ᠎ᠠ ᠪᠦᠬᠦᠢ ᠱᠠᠭᠠᠷᠳᠠᠯᠭ᠎ᠠ ᠶᠢ ᠲᠥᠪᠯᠡᠷᠡᠭᠦᠯᠦᠨ ᠭᠦᠨᠵᠡᠭᠡᠶ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠡᠩ ᠤᠬᠠᠮᠰᠠᠷ ᠠᠴᠠ ᠪᠠᠨ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠷᠡᠮᠵᠢᠯᠡᠨ ᠡᠮᠢᠶᠡᠵᠦ᠂ ᠬᠢᠵᠠᠭᠠᠷ ᠱᠤᠭᠤᠮ ᠢ ᠰᠠᠬᠢᠵᠤ᠂ ᠲᠥᠪᠯᠡᠷᠡᠭᠦᠯᠦᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号