ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ᠠᠷᠠᠳ ᠢᠷᠭᠡᠳ  ᠮᠠᠭᠲᠠᠭᠠᠯ ᠢ ᠤᠯᠪᠠ
ᠨᠡᠶᠢᠲᠡᠯᠡᠭᠰᠡᠨ ᠴᠠᠭ᠄
2022/5/26
ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ᠠᠷᠠᠳ ᠢᠷᠭᠡᠳ  ᠮᠠᠭᠲᠠᠭᠠᠯ ᠢ ᠤᠯᠪᠠ    5 ᠰᠠᠷ᠎ᠠ ᠶᠢᠨ 8 ᠤ ᠡᠳᠦᠷ᠂ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠮᠤᠵᠢ ᠶᠢᠨ ᠵᠠᠮ ᠤᠨ 206 ᠱᠤᠭᠤᠮ ᠤᠨ ᠤᠯᠠᠭᠠᠨᠬᠠᠳᠠ ᠠᠴᠠ ᠵᠢᠨᠱᠠᠨ ᠬᠥᠷᠬᠦ ᠬᠡᠰᠡᠭ ᠤᠨ ᠨᠢᠦ ᠵᠢᠶᠠ ᠢᠩᠽᠢ ᠶᠢᠨ ᠰᠦᠢᠳᠬᠡᠯ ᠬᠤᠷᠢᠶᠠᠬᠤ ᠥᠷᠲᠡᠭᠡ ᠰᠦᠢᠳᠬᠡᠯ ᠬᠤᠷᠢᠶᠠᠬᠤ ᠪᠠᠨ ᠵᠣᠭᠰᠣᠪᠠ᠃ 5 ᠰᠠᠷ᠎ᠠ ᠶᠢᠨ 18 ᠤ ᠡᠳᠦᠷ᠂ ᠨᠢᠦ ᠵᠢᠶᠠ ᠢᠩᠽᠢ ᠶᠢᠨ ᠰᠦᠢᠳᠬᠡᠯ ᠬᠤᠷᠢᠶᠠᠬᠤ ᠦᠷᠳᠡᠭᠡ ᠶᠢ ᠵᠢᠩᠬᠢᠨᠢ ᠪᠠᠷ ᠨᠤᠷᠠᠭᠠᠵᠤ ᠳᠠᠭᠤᠰᠬᠠᠪᠠ᠃    5 ᠰᠠᠷ᠎ᠠ ᠶᠢᠨ 25 ᠤ ᠡᠳᠦᠷ ᠰᠤᠷᠪᠤᠯᠵᠢᠯᠠᠭᠴᠢ ᠨᠢᠦ ᠵᠢᠶᠠ ᠢᠩᠽᠢ ᠶᠢᠨ ᠰᠦᠢᠳᠬᠡᠯ ᠬᠤᠷᠢᠶᠠᠬᠤ ᠥᠷᠲᠡᠭᠡᠨ ᠤ ᠤᠤᠯ ᠭᠠᠵᠠᠷ ᠠᠴᠠ ᠨᠢᠦ ᠵᠢᠶᠠ ᠢᠩᠽᠢ ᠶᠢᠨ ᠰᠦᠢᠳᠬᠡᠯ ᠬᠤᠷᠢᠶᠠᠬᠤ ᠥᠷᠲᠡᠭᠡᠨ ᠤ ᠰᠦᠢᠳᠬᠡᠯ ᠬᠤᠷᠢᠶᠠᠬᠤ ᠬᠠᠷᠠᠭᠤᠯ ᠤᠨ ᠮᠤᠬᠤᠯᠠᠭ ᠵᠡᠷᠭᠡ ᠲᠥᠬᠦᠭᠡᠷᠦᠮᠵᠢ ᠶᠢ ᠪᠦᠬᠦᠨ ᠢᠶᠠᠷ ᠨᠢ ᠨᠤᠷᠠᠭᠠᠵᠤ ᠳᠠᠭᠤᠰᠬᠠᠭᠠᠳ ᠡᠨᠡᠭᠦᠷ ᠥᠩᠭᠡᠷᠡᠬᠦ ᠲᠡᠷᠭᠡ ᠬᠥᠰᠬᠡ ᠰᠠᠭᠠᠳ ᠦᠭᠡᠶ ᠨᠡᠪᠲᠡᠷᠡᠵᠦ ᠪᠠᠶᠢᠭ᠎ᠠ ᠶᠢ ᠣᠯᠵᠤ ᠬᠠᠷᠠᠵᠠᠶ᠃    ︽ᠤᠤᠯ ᠨᠢ ᠰᠦᠢᠳᠬᠡᠯ ᠬᠤᠷᠢᠶᠠᠬᠤ ᠥᠷᠲᠡᠭᠡ ᠲᠠᠢ ᠪᠠᠶᠢᠭᠰᠠᠨ ᠦᠶ᠎ᠡ ᠳᠤ ᠪᠢᠳᠡ ᠵᠣᠭᠤᠰ ᠢᠶᠠᠨ ᠠᠷᠪᠢᠯᠠᠬᠤ ᠶᠢᠨ ᠲᠥᠯᠥᠭᠡ ᠲᠣᠭᠤᠷᠢᠵᠤ ᠭᠠᠷᠬᠤ ᠠᠴᠠ ᠥᠭᠡᠷ᠎ᠡ ᠠᠷᠭ᠎ᠠ ᠦᠭᠡᠶ ᠪᠠᠶᠢᠵᠠᠶ᠂ ᠲᠡᠷᠡ ᠦᠶ᠎ᠡ ᠳᠤ ᠲᠡᠷᠭᠡᠨ ᠤ ᠤᠷᠤᠰᠬᠠᠯ ᠤᠨ ᠬᠡᠮᠵᠢᠶ᠎ᠡ ᠠᠷᠪᠢᠨ ᠪᠣᠯᠵᠤ᠂ ᠮᠠᠰᠢ ᠣᠯᠠᠨ ᠠᠮᠤᠷ ᠲᠦᠪᠰᠢᠨ ᠪᠤᠰᠤ ᠬᠦᠴᠦᠨ ᠵᠦᠢᠯ ᠣᠷᠣᠰᠢᠵᠤ ᠪᠠᠶᠢᠵᠠᠶ᠂ ᠨᠢᠦ ᠵᠢᠶᠠ ᠢᠩᠽᠢ ᠶᠢᠨ ᠰᠦᠢᠳᠬᠡᠯ ᠬᠤᠷᠢᠶᠠᠬᠤ ᠥᠷᠲᠡᠭᠡ ᠶᠢ ᠨᠤᠷᠠᠭᠠᠭᠰᠠᠨ ᠶᠠᠪᠤᠳᠠᠯ ᠨᠢ ᠮᠠᠨ ᠤ ᠴᠠᠭ ᠢ ᠪᠠᠭ᠎ᠠ ᠪᠤᠰᠤ ᠠᠷᠪᠢᠯᠠᠵᠤ ᠥᠭᠭᠦᠭᠰᠡᠨ ᠪᠥᠭᠡᠳ ᠠᠶᠤᠯ ᠦᠭᠡᠶ ᠶᠢᠨ ᠢᠯᠡᠳᠬᠡᠮᠵᠢ ᠶᠢ ᠴᠦ ᠳᠡᠭᠡᠭᠰᠢᠯᠡᠭᠦᠯᠵᠦ᠂ ᠵᠣᠭᠤᠰ ᠵᠠᠷᠤᠬᠤ ᠬᠡᠷᠡᠭ ᠦᠭᠡᠶ ᠪᠣᠯᠭᠠᠵᠠᠶ︾᠃ ᠪᠠᠷᠢᠯᠭ᠎ᠠ ᠶᠢᠨ ᠠᠵᠢᠯ ᠲᠦᠷᠦᠯ ᠢ ᠡᠷᠬᠢᠯᠡᠵᠦ᠂ ᠦᠷᠭᠦᠯᠵᠢ ᠵᠢᠨᠱᠠᠨ ᠪᠣᠯᠤᠨ ᠤᠯᠠᠭᠠᠨᠬᠠᠳᠠ ᠶᠢᠨ ᠬᠤᠭᠤᠷᠣᠨᠳᠣ ᠰᠦᠯᠵᠢᠯᠳᠦᠳᠡᠭ ᠨᠢᠦ ᠵᠢᠶᠠ ᠢᠩᠽᠢ ᠪᠠᠯᠭᠠᠰᠤᠨ ᠤ ᠲᠦ᠋ ᠴᠧᠩ ᠽᠢ ᠲᠣᠰᠬᠤᠨ ᠤ ᠠᠷᠠᠳ ᠵᠠᠩ ᠱᠤ ᠶᠠᠩ ᠰᠤᠷᠪᠤᠯᠵᠢᠯᠠᠭᠴᠢ ᠳᠤ ᠬᠡᠯᠡᠪᠡ᠃    ᠨᠢᠤ ᠵᠢᠶᠠ ᠢᠩᠽᠢ ᠪᠠᠯᠭᠠᠰᠤ ᠪᠣᠯ ᠮᠠᠨ ᠤ ᠤᠯᠤᠰ ᠤᠨ ᠤᠮᠠᠷᠠᠲᠤ ᠶᠢᠨ ᠵᠢᠩᠬᠢᠨᠢ ᠬᠢᠲᠠᠳ ᠡᠮ ᠤᠨ ᠮᠠᠲ᠋ᠧᠷᠢᠶᠠᠯ ᠤᠨ ᠭᠤᠤᠯ ᠭᠠᠷᠤᠯᠲᠠ ᠶᠢᠨ ᠭᠠᠵᠠᠷ ᠪᠠ ᠪᠥᠬᠦ ᠤᠯᠤᠰ ᠤᠨ ᠴᠢᠬᠤᠯᠠ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠦᠢᠯᠡᠳᠪᠦᠷᠢᠯᠡᠵᠦ ᠪᠣᠷᠣᠯᠠᠭᠤᠯᠬᠤ ᠲᠥᠪᠯᠡᠷᠡᠭᠦᠯᠦᠨ ᠲᠠᠷᠬᠠᠭᠠᠬᠤ ᠭᠠᠵᠠᠷ ᠂ ᠪᠥᠬᠦ ᠤᠯᠤᠰ ᠤᠨ ︽ᠲᠠᠪᠤᠨ ᠶᠡᠭᠡ ᠪᠣᠬᠢᠷᠲᠤᠯ ᠥᠬᠡᠶ ᠬᠢᠲᠠᠳ ᠡᠮ ᠤᠨ ᠮᠠᠲ᠋ᠧᠷᠢᠶᠠᠯ ᠢ ᠵᠢᠷᠤᠮᠵᠢᠭᠤᠯᠤᠨ ᠳᠠᠷᠢᠬᠤ ᠰᠠᠭᠤᠷᠢᠨ ᠭᠠᠵᠠᠷ︾ ᠪᠣᠯᠤᠨ᠎ᠠ᠃ 1999 ᠣᠨ ᠳᠤ ᠳᠤᠮᠳᠠᠳᠤ ᠤᠯᠤᠰ ᠤᠨ ᠣᠨᠴᠠᠯᠢᠭ ᠲᠠᠢ ᠠᠵᠤ ᠦᠢᠯᠡᠰ ᠤᠨ ᠰᠠᠭᠤᠷᠢᠨ ᠭᠠᠵᠠᠷ ᠤᠨ ᠨᠡᠷᠡᠶᠢᠳᠦᠯ ᠤᠨ ᠺᠣᠮᠢᠰ ᠲᠤ ︽ᠳᠤᠮᠳᠠᠳᠤ ᠤᠯᠤᠰ ᠤᠨ ᠤᠮᠠᠷᠠᠲᠤ  ᠤᠨ ᠡᠯᠡᠰᠦᠨ ᠣᠷᠬᠤᠳᠠᠶ᠂ ᠬᠤᠷᠳᠤᠨ ᠴᠠᠭᠠᠨ ᠤ ᠨᠤᠲᠤᠭ︾ ᠭᠡᠵᠦ ᠨᠡᠷᠡᠶᠢᠳᠦᠭᠳᠡᠪᠡ᠃ 2012 ᠣᠨ ᠳᠤ᠂ ᠬᠠᠷᠠᠴᠢᠨ ᠬᠤᠰᠢᠭᠤᠨ ᠤ ᠦᠢᠯᠡᠳᠪᠦᠷᠢᠯᠡᠭᠰᠡᠨ ᠤᠮᠠᠷᠠᠳᠤ ᠤᠨ ᠡᠯᠡᠰᠦᠨ ᠣᠷᠬᠤᠳᠠᠢ᠂ ᠬᠤᠷᠳᠤᠨ ᠴᠠᠭᠠᠨ ᠨᠢ ᠬᠥᠳᠡᠭᠡ ᠠᠵᠤ ᠠᠬᠤᠢ ᠶᠢᠨ ᠶᠠᠮᠤᠨ ᠤ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢᠯᠡᠯ ᠢ ᠣᠯᠤᠭᠰᠠᠨ ᠪᠥᠭᠡᠳ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠤᠨ ᠵᠥᠪᠯᠡᠯ ᠤᠨ ︽ᠵᠢᠩᠬᠢᠨᠢ ᠴᠢᠨᠠᠷ ᠰᠠᠶᠢᠲᠠᠢ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ︾ ᠤ ᠦᠨᠡᠮᠯᠡᠯ ᠢ ᠲᠤᠰ ᠲᠤᠰ ᠣᠯᠤᠭᠰᠠᠨ ᠪᠠᠶᠢᠨ᠎ᠠ᠃ ᠤᠮᠠᠷᠠᠲᠤ ᠶᠢᠨ ᠡᠯᠡᠰᠦᠨ ᠤᠷᠬᠤᠳᠠᠢ᠂ ᠬᠤᠷᠳᠤᠨ ᠴᠠᠭᠠᠨ ᠤ ᠭᠠᠷᠤᠯᠲᠠ ᠲᠣᠰ ᠲᠣᠰ ᠪᠥᠬᠦ ᠤᠯᠤᠰ ᠤᠨ ᠶᠡᠷᠦᠩᠬᠡᠶ ᠭᠠᠷᠤᠯᠲᠠ ᠶᠢᠨ 80% ᠪᠠ 60% ᠶᠢ ᠡᠵᠡᠯᠡᠵᠦ᠂ ᠵᠢᠯ ᠤᠨ ᠠᠷᠠᠯᠵᠢᠶᠠᠨ ᠤ ᠬᠡᠮᠵᠢᠶ᠎ᠡ 10 ᠳ᠋ᠦᠩᠰᠢᠭᠤᠷ ᠲᠥᠭᠦᠷᠢᠭ ᠢ ᠳᠠᠪᠠᠪᠠ᠃︽ᠨᠢᠤ ᠵᠢᠶᠠ ᠢᠩᠽᠢ ᠶᠢᠨ ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠦᠭᠡᠶ ᠪᠣᠯᠭᠠᠭᠰᠠᠨ ᠠᠴᠠ ᠰᠡᠭᠦᠯᠡᠷ ᠂ ᠭᠠᠳᠠᠨ᠎ᠠ ᠣᠷᠣᠨ ᠠᠴᠠ ᠮᠠᠨ ᠤ ᠲᠣᠰᠬᠤᠨ ᠳᠤ ᠢᠷᠡᠵᠦ ᠡᠮ ᠬᠤᠷᠢᠶᠠᠬᠤ ᠬᠤᠳᠠᠯᠳᠤᠭᠠᠴᠢᠨ ᠶᠠᠪᠤᠬᠤ ᠲᠤᠲᠤᠮ ᠣᠯᠠᠰᠢᠷᠠᠵᠤ᠂ ᠮᠠᠨ ᠤ ᠲᠣᠰᠬᠤᠨ ᠠᠴᠠ ᠪᠤᠰᠤᠳ ᠰᠢᠶᠠᠩ ᠪᠠᠯᠭᠠᠰᠤᠨ ᠳᠤ ᠡᠮ ᠤᠨ ᠮᠠᠲ᠋ᠧᠷᠢᠶᠠᠯ ᠳᠠᠷᠢᠬᠤ ᠪᠠ ᠬᠤᠳᠠᠯᠳᠤᠨ ᠠᠪᠬᠤ ᠡᠮ ᠤᠨ ᠲᠠᠷᠢᠶᠠᠴᠢᠳ ᠨᠡᠩ ᠳᠥᠭᠦᠮ ᠪᠣᠯᠵᠤ᠂ ᠡᠮ ᠤᠨ ᠲᠠᠷᠢᠶᠠᠴᠢᠳ ᠤᠨ ᠣᠷᠣᠯᠭ᠎ᠠ ᠤᠯᠠᠮ ᠠᠴᠠ ᠤᠯᠠᠮ ᠥᠨᠳᠥᠷ ᠪᠣᠯᠵᠤ᠂ ᠨᠢᠤ ᠵᠢᠶᠠ ᠢᠩᠽᠢ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠨᠡᠷᠡᠲᠦ ᠲᠡᠮᠳᠡᠭ ᠴᠦ ᠤᠯᠠᠮ ᠠᠴᠠ ᠤᠯᠠᠮ ᠭᠡᠭᠡᠨ ᠪᠣᠯᠬᠤ ᠨᠢ ᠯᠠᠪᠲᠠᠶ ᠶᠤᠮ︾᠃ ᠰᠦᠢᠳᠬᠡᠯ ᠬᠤᠷᠢᠶᠠᠬᠤ ᠦᠷᠳᠡᠭᠡ ᠶᠢ ᠨᠤᠷᠠᠭᠠᠬᠤ ᠶᠢ ᠳᠤᠷᠠᠳᠬᠤ ᠳᠤ᠂ ᠨᠢᠦ ᠵᠢᠶᠠ ᠢᠩᠽᠢ ᠪᠠᠯᠭᠠᠰᠤᠨ ᠤ ᠨᠢᠦ ᠵᠢᠶᠠ ᠢᠩᠽᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠰᠢᠤᠢ ᠹᠦ᠋ ᠳᠦᠩ ᠰᠤᠷᠪᠤᠯᠵᠢᠯᠠᠭᠴᠢ ᠳᠦ ᠢᠩᠬᠢᠵᠦ ᠬᠡᠯᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号