ᠪᠦᠬᠦ ᠬᠤᠰᠢᠭᠤᠨ ᠤ ︽ᠰᠢᠷ᠎ᠠ︾ ᠶᠢ ᠠᠷᠢᠯᠭᠠᠨ ︽ᠬᠠᠷ᠎ᠠ︾ ᠶᠢ ᠳᠠᠷᠤᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/6
ᠪᠦᠬᠦ ᠬᠤᠰᠢᠭᠤᠨ ᠤ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ    ᠤᠢᠷ᠎ᠠ ᠳᠦ᠂  ᠮᠠᠨ ᠤ ᠬᠤᠰᠢᠭᠤᠨ ᠤ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠵᠤ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠦᠩ ᠯᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠳ᠋ᠦᠩ ᠯᠸᠢ ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ ᠤᠨ ᠹᠷᠣᠨᠲ ᠤᠨ ᠬᠢᠨ ᠡᠷᠬᠡᠪᠰᠢ ᠳᠡᠭᠡᠳᠦ ᠬᠡᠮᠵᠢᠶᠡᠨ ᠤ ᠰᠡᠷᠭᠡᠭ ᠪᠥᠭᠡᠳ ᠰᠣᠨᠣᠷ ᠰᠡᠷᠡᠮᠵᠢ ᠲᠠᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠭᠤᠣᠯ ᠰᠢᠵᠢᠮ ᠢ ᠤᠭᠲᠤᠬᠤ᠂ ᠤᠬᠠᠭᠤᠯᠬᠤ᠂ ᠲᠤᠤᠱᠯᠠᠭᠤᠯᠬᠤ ᠲᠠᠢ ᠨᠢᠭᠲᠠ ᠤᠶᠠᠯᠳᠤᠭᠤᠯᠤᠨ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠬᠦ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠴᠤᠭ ᠵᠢᠪᠬᠤᠭ᠎ᠠ ᠲᠠᠢ ᠥᠭᠡᠳᠡᠯᠡᠨ ᠲᠠᠪᠰᠢᠬᠤ ᠦᠵᠡᠯ ᠰᠠᠨᠠᠭ᠎ᠠ ᠰᠣᠶᠣᠯ ᠤᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠲᠡᠶ᠃    ᠳ᠋ᠦᠩ ᠯᠸᠢ ᠱᠠᠭᠠᠷᠳᠠᠭᠰᠠᠨ ᠨᠢ ᠂ ᠡᠯ᠎ᠡ ᠱᠠᠲᠤᠨ  ᠤ ᠡᠯ᠎ᠡ ᠰᠠᠯᠠᠭ᠎ᠠ ᠮᠥᠴᠢᠷ  ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ ᠤᠨ ᠬᠠᠷᠢᠭᠤᠴᠠᠯᠭ᠎ᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠪᠦᠷᠢᠯᠳᠦᠬᠦᠨ ᠨᠢᠭᠡᠴᠡ ᠨᠦᠭᠦᠳ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ ᠤᠨ ᠲᠤᠬᠠᠶ ᠨᠠᠮ  ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ  ᠢ ᠴᠢᠩᠭᠠᠳᠬᠠᠨ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠴᠢᠩᠭᠠᠳᠬᠠᠬᠤ  ᠡᠴᠡ ᠪᠢᠰᠢ ᠰᠤᠯᠠᠷᠠᠭᠤᠯᠵᠤ ᠪᠣᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠡᠮᠡᠴᠡᠯ ᠦᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠴᠤ ᠥᠨᠳᠥᠷ ᠳᠠᠷᠤᠯᠲᠠ ᠦᠵᠡᠭᠦᠯᠬᠦ ᠪᠠᠶᠢᠳᠠᠯ  ᠢ ᠢᠮᠠᠭᠲᠠ ᠪᠠᠷᠢᠮᠲᠠᠯᠠᠬᠤ ᠬᠡᠷᠡᠭᠲᠡᠢ᠃    ᠡᠯ᠎ᠡ ᠰᠠᠯᠠᠭ᠎ᠠ ᠮᠥᠴᠢᠷ ᠤᠳ ᠲᠦᠭᠰᠢᠭᠦᠷᠢ ᠶᠢᠨ ᠴᠡᠭ ᠢ ᠢᠳᠡᠪᠬᠢᠲᠡᠶ ᠪᠠᠷ ᠡᠮᠬᠢᠯᠡᠨ ᠳᠢᠭᠯᠡᠵᠦ᠂ ᠬᠦᠴᠦᠯᠡᠬᠦ ᠴᠡᠭ ᠢᠶᠠᠨ ᠣᠨᠣᠪᠴᠢᠲᠠᠶ ᠡᠷᠢᠵᠦ᠂ ︽ᠲᠥᠪ ᠵᠠᠮ︾᠂ ︽ᠰᠢᠨ᠎ᠡ ᠰᠤᠷᠲᠠᠯ︾ ᠤᠨ ᠲᠥᠪᠯᠡᠷᠡᠩᠭᠦᠶ ᠠᠵᠢᠯᠯᠠᠭ᠎ᠠ ᠶᠢ ᠥᠷᠨᠢᠭᠦᠯᠬᠦ ᠪᠠᠷ ᠲᠦᠰᠢᠭ ᠪᠣᠯᠭᠠᠵᠤ᠂ ︽ᠡᠬᠢ ᠰᠤᠷᠪᠤᠯᠵᠢ ᠶᠢ ᠴᠡᠪᠡᠷᠯᠡᠬᠦ︾᠂ ︽ᠬᠢᠯᠢ ᠬᠢᠵᠠᠭᠠᠷ ᠢ ᠪᠠᠬᠢᠵᠢᠭᠦᠯᠬᠦ︾ ᠂ ︽ᠴᠢᠬᠢ ᠬᠠᠮᠠᠭᠠᠯᠠᠬᠤ︾᠂ ︽ᠲᠣᠤᠷ ᠢ ᠴᠡᠪᠡᠷᠯᠡᠬᠦ︾᠂ ︽ᠨᠠᠮᠤᠷ ᠤᠨ ᠰᠠᠯᠬᠢ︾ ᠵᠡᠷᠭᠡ ᠲᠠᠪᠤᠨ ᠶᠡᠭᠡ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠶ︔ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠥᠨᠳᠥᠷ ᠪᠦᠲᠦᠮᠵᠢᠲᠡᠢ ᠠᠵᠢᠯᠯᠠᠭᠠᠨ ᠤ ᠬᠠᠮᠲᠤᠷᠠᠭᠰᠠᠨ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠡ ᠨᠦᠭᠦᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠨᠤᠲᠤᠭ ᠢᠶᠠᠨ ᠬᠠᠮᠠᠭᠠᠯᠠᠬᠤ ᠳᠤ ᠠᠷᠭ᠎ᠠ ᠲᠠᠢ᠂ ᠨᠢᠭᠡᠳᠦᠯᠲᠡᠶ ᠲᠥᠯᠥᠪᠯᠡᠬᠦ ᠳᠤ ᠬᠦᠴᠦᠲᠡᠶ᠂ ᠰᠢᠮᠳᠠᠭᠤᠯᠤᠨ ᠭᠦᠢᠴᠡᠳᠬᠡᠬᠦ ᠶᠢ ᠪᠣᠳᠠᠲᠠᠶᠢᠵᠢᠭᠤᠯᠵᠤ᠂ ᠦᠷ᠎ᠡ ᠪᠦᠲᠦᠮᠵᠢ ᠨᠢ ᠢᠯᠡᠷᠬᠡᠶ ᠪᠠᠶᠢᠬᠤ ᠬᠡᠷᠡᠭᠲᠡᠶ᠃ ︽ ᠰᠢᠷ᠎ᠠ︾ ᠶᠢ ᠠᠷᠢᠯᠭᠠᠨ ︽ ᠬᠠᠷ᠎ᠠ︾ ᠶᠢ ᠳᠠᠷᠤᠬᠤ ᠠᠵᠢᠯ ᠤᠨ ᠬᠠᠮᠢᠶᠠᠷᠤᠯᠲᠠ ᠶᠢ ᠠᠬᠢᠭᠤᠯᠵᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠳᠤ ᠭᠦᠨᠵᠡᠭᠡᠢ ᠠᠭᠤᠰᠤᠯᠴᠠᠵᠤ᠂ ᠦᠨᠳᠦᠰᠦᠨ ᠱᠠᠲᠤᠨ ᠤ ᠦᠵᠡᠯ ᠤᠬᠠᠮᠰᠠᠷ ᠤᠨ ᠬᠡᠯᠪᠡᠷᠢ ᠵᠢᠴᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠦᠨᠡᠨᠬᠦ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号