ᠬᠠᠷᠠᠴᠢᠨ ᠬᠤᠰᠢᠭᠤ 2022 ᠣᠨ ᠤ ᠪᠥᠬᠦ ᠬᠤᠰᠢᠭᠤᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠢᠪᠠ
ᠨᠡᠶᠢᠲᠡᠯᠡᠭᠰᠡᠨ ᠴᠠᠭ᠄
2022/5/6
ᠬᠠᠷᠠᠴᠢᠨ ᠬᠤᠰᠢᠭᠤ 2022 ᠣᠨ ᠤ ᠪᠥᠬᠦ ᠬᠤᠰᠢᠭᠤᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠢᠪᠠ    4 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠠᠷᠠᠴᠢᠨ ᠬᠤᠰᠢᠭᠤ 2022 ᠣᠨ ᠤ ᠪᠥᠬᠦ ᠬᠤᠰᠢᠭᠤᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠢᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ᠂ ᠬᠤᠰᠢᠭᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠪᠠᠶ ᠯᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠪᠣᠯᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ 2021 ᠣᠨ ᠤ ᠪᠥᠬᠦ ᠬᠤᠰᠢᠭᠤᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ 2022 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃     ᠪᠠᠶ ᠯᠢᠩ ᠵᠢᠭᠠᠵᠤ ᠭᠠᠷᠭᠠᠭᠰᠠᠨ ᠨᠢ᠂ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠨᠢ ᠲᠦᠭ ᠲᠦᠮᠡᠨ ᠠᠶᠢᠯ ᠡᠷᠦᠬᠡ ᠶᠢᠨ ᠠᠵᠤ ᠠᠮᠢᠳᠤᠷᠠᠯ ᠤᠨ ᠠᠵᠠ ᠵᠢᠷᠭᠠᠯ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠪᠠ ᠲᠥᠪ ᠭᠤᠣᠯᠴᠢ ᠰᠢᠳᠤᠷᠭᠤ ᠶᠣᠰᠣᠨ ᠳᠤ ᠬᠤᠯᠪᠣᠭᠳᠠᠵᠤ᠂ ᠮᠥᠨ ᠴᠦ ᠨᠠᠮ ᠤᠨ ᠬᠤᠷᠢᠶ᠎ᠠ ᠵᠠᠰᠠᠭ ᠤᠨ ᠣᠷᠳᠣᠨ ᠤ ᠢᠲᠡᠭᠡᠯ ᠬᠦᠨᠳᠦ ᠪᠠ ᠳᠦᠷᠢ ᠲᠥᠷᠬᠦ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠠᠷᠠᠳ ᠤᠨ ᠰᠡᠳᠬᠢᠯ ᠤᠨ ᠴᠢᠬᠤᠯᠠ ᠠᠵᠢᠯ ᠮᠥᠨ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠠᠯᠢᠩ ᠥᠷᠢᠲᠦᠬᠦ ᠶᠢ ᠣᠭᠲᠣᠬᠠᠨ ᠴᠤ ᠠᠭᠤᠴᠢᠯᠠᠬᠤ ᠥᠬᠡᠶ ᠲᠦᠷᠢᠮ ᠤᠨ ᠰᠢᠰᠲ᠋ᠧᠮ᠂ ᠬᠢᠨᠠᠯᠲᠠ ᠬᠠᠮᠢᠶᠠᠷᠤᠯᠲᠠ ᠪᠦᠲᠦᠮᠵᠢᠲᠡᠶ ᠠᠵᠢᠯ ᠤᠨ ᠪᠠᠶᠢᠷᠢᠰᠢᠯ᠂ ᠰᠢᠢᠳᠬᠡᠯ ᠲᠣᠷᠭᠠᠭᠤᠯᠢ ᠬᠦᠴᠦᠲᠡᠶ ᠬᠠᠤᠯᠢ ᠬᠡᠷᠡᠭᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠪᠥᠬᠦ ᠬᠤᠰᠢᠭᠤᠨ ᠤ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠶᠢ ᠦᠨᠳᠦᠰᠦᠨ ᠡᠴᠡ ᠨᠢ ᠵᠠᠰᠠᠬᠤ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃    ᠪᠠᠶ ᠯᠢᠩ ᠱᠠᠭᠠᠷᠳᠠᠭᠰᠠᠨ ᠨᠢ᠄ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠪᠦᠷᠢᠯᠳᠦᠬᠦᠨ ᠨᠢᠭᠡᠴᠢ ᠨᠦᠭᠦᠳ ᠬᠥᠯᠥᠰᠥᠨ ᠠᠵᠢᠯᠴᠢᠨ ᠤ ᠴᠠᠯᠢᠩ ᠢ ᠢᠯᠭᠠᠷᠠᠭᠤᠯᠤᠨ ᠲᠢᠭᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠶᠢ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠶ᠃ ᠬᠤᠶᠠᠷ ᠲᠤ᠂ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ᠃ ︽ᠬᠠᠷᠢᠶ᠎ᠠ ᠣᠷᠣᠨ ᠨᠢ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠭᠤᠷᠪᠠ ᠳᠤ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢ ᠪᠠᠲᠤ ᠪᠤᠢ ᠪᠣᠯᠭᠠᠵᠤ᠂ ᠴᠠᠯᠢᠩ ᠥᠷᠢᠲᠦᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠪᠠ ᠪᠡᠯᠡᠳᠬᠡᠯ ᠲᠥᠰᠦᠯ ᠢ ᠤᠷᠢᠳᠴᠢᠯᠠᠨ ᠪᠠᠶᠢᠭᠤᠯᠤᠨ ᠲᠡᠭᠦᠯᠳᠡᠷᠵᠢᠭᠦᠯᠵᠦ᠂ ᠴᠠᠯᠢᠩ ᠥᠷᠢᠲᠦᠬᠦ᠂ ᠴᠠᠯᠢᠩ ᠨᠡᠬᠡᠬᠦ ᠬᠡᠷᠡᠭ ᠢ ᠡᠮᠬᠢᠯᠡᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠦᠷᠭᠡᠨ ᠪᠥᠭᠡᠳ ᠲᠣᠬᠢᠲᠠᠢ ᠰᠢᠢᠳᠪᠦᠷᠢᠯᠡᠵᠦ᠂ ᠠᠵᠤ ᠠᠬᠤᠶᠢᠯᠠᠯ ᠴᠠᠯᠢᠩ ᠥᠷᠢᠲᠦᠬᠦ ᠵᠣᠷᠢᠭ ᠦᠭᠡᠢ᠂ ᠴᠠᠯᠢᠩ ᠦᠷᠢᠳᠡᠵᠦ ᠪᠤᠯᠬᠤ ᠦᠭᠡᠢ᠂ ᠴᠠᠯᠢᠩ ᠥᠷᠢᠲᠦᠬᠦ ᠳᠤᠷ᠎ᠠ ᠦᠭᠡᠢ ᠪᠠᠶᠢᠬᠤ ᠶᠢ ᠤᠬᠠᠭᠤᠯᠠᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号