ᠬᠠᠷᠠᠴᠢᠨ ᠬᠤᠰᠢᠭᠤᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/5/7
ᠬᠠᠷᠠᠴᠢᠨ ᠬᠤᠰᠢᠭᠤᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠠᠯᠪᠠᠨ ᠵᠠᠷ     ᠪᠦᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠤᠯᠢ ᠶᠣᠰᠣᠭᠠᠷ ᠬᠠᠮᠠᠭᠠᠯᠠᠵᠤ᠂ ᠤᠯᠠᠭᠠᠨᠬᠠᠳᠠ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠯᠪᠠᠨ ᠬᠡᠷ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ 4 ᠳ᠋ᠦᠭᠡᠷ ᠰᠠᠷ᠎ᠠ ᠶᠢᠨ ᠳᠤᠮᠳᠠᠴᠢ ᠠᠴᠠ 10 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠬᠠᠭᠠᠰ ᠵᠢᠯ ᠤᠨ ᠬᠤᠭᠤᠴᠠᠭ᠎ᠠ ᠲᠠᠢ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠮᠡᠬᠡᠯᠡᠯ ᠳᠤ ᠬᠤᠯᠪᠣᠭᠳᠠᠭᠰᠠᠨ ᠰᠠᠮᠠᠭᠤᠨ ᠦᠵᠡᠭᠳᠡᠯ ᠢ ᠵᠠᠰᠠᠨ᠎ᠠ᠃ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠥᠷᠭᠡᠨ ᠢᠶᠠᠷ ᠭᠥᠯᠢᠶᠡᠨ ᠠᠪᠴᠤ᠂ ᠨᠠᠰᠤᠵᠢᠯ ᠤᠨ ᠠᠰᠠᠷᠠᠮᠵᠢ ᠶᠢᠨ ᠨᠡᠷ᠎ᠡ ᠪᠠᠷ ᠮᠡᠬᠡᠯᠡᠬᠦ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠬᠠᠷᠠᠴᠢᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠯᠪᠠᠨ ᠬᠡᠷ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ ᠨᠡᠶᠢᠭᠡᠮ ᠨᠡᠶᠢᠲᠡ ᠳᠤ ᠨᠡᠶᠢᠲᠡᠯᠡᠪᠡ᠃ ᠢᠯᠡᠴᠢᠯᠡᠨ ᠮᠡᠳᠡᠭᠦᠯᠦᠭᠴᠢ ᠦᠨᠡᠨ ᠠᠴᠠ ᠵᠥᠪ ᠢ ᠡᠷᠢᠬᠦ ᠵᠠᠷᠴᠢᠮ ᠢᠶᠠᠷ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠬᠤ ᠬᠡᠷᠡᠭᠲᠡᠶ᠂ ᠢᠯᠡᠴᠢᠯᠡᠨ ᠮᠡᠳᠡᠭᠦᠯᠦᠯᠲᠡ ᠶᠢ ᠠᠰᠢᠭᠯᠠᠨ ᠬᠡᠷᠡᠭ ᠤᠴᠢᠷ ᠵᠣᠬᠢᠶᠠᠵᠤ᠂ ᠭᠦᠳᠬᠡᠨ ᠭᠦᠵᠢᠷᠯᠡᠭᠰᠡᠨ ᠪᠠᠶᠢᠪᠠᠯ᠂ ᠵᠣᠬᠢᠴᠠᠩᠭᠤᠶ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃    01᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠯᠪᠠᠨ ᠬᠡᠷ᠄    ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ gatxzzd@163.com    ᠢᠯᠡᠴᠢᠯᠡᠨ ᠮᠡᠳᠡᠭᠦᠯᠬᠦ ᠤᠲᠠᠰᠤ᠄  0471-6550480 ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯ ᠤᠨ ᠡᠳᠦᠷ 8᠄ 30-17᠄ 30                               0471-110 ᠬᠦᠯᠢᠶᠡᠨ ᠠᠪᠴᠤ ᠰᠢᠢᠳᠪᠦᠷᠢᠯᠡᠬᠦ ᠴᠠᠭ᠄ 24 ᠴᠠᠭ    02᠂ ᠤᠯᠠᠭᠠᠨᠬᠠᠳᠠ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠯᠪᠠᠨ ᠬᠡᠷ ᠄    ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ 81350264@qq.com    ᠢᠯᠡᠴᠢᠯᠡᠨ ᠮᠡᠳᠡᠭᠦᠯᠬᠦ ᠤᠲᠠᠰᠤ᠄  0476-8331166 ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯ ᠤᠨ ᠡᠳᠦᠷ 8᠄ 30-17᠄ 30                               0476-110 ᠬᠦᠯᠢᠶᠡᠨ ᠠᠪᠴᠤ ᠰᠢᠢᠳᠪᠦᠷᠢᠯᠡᠬᠦ ᠴᠠᠭ᠄ 24 ᠴᠠᠭ    03᠂ ᠬᠠᠷᠠᠴᠢᠨ ᠬᠤᠰᠢᠭᠤᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠯᠪᠠᠨ ᠬᠡᠷ᠄    ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ 281072703@qq.com    ᠢᠯᠡᠴᠢᠯᠡᠨ ᠮᠡᠳᠡᠭᠦᠯᠬᠦ ᠤᠲᠠᠰᠤ᠄  0476-3758833 ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯ ᠤᠨ ᠡᠳᠦᠷ 8᠄ 30-17᠄ 30                               0476-110 ᠬᠦᠯᠢᠶᠡᠨ ᠠᠪᠴᠤ ᠰᠢᠢᠳᠪᠦᠷᠢᠯᠡᠬᠦ ᠴᠠᠭ᠄ 24 ᠴᠠᠭ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号