ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠤᠷᠠᠯ ᠵᠢᠴᠢ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/7
ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠤᠷᠠᠯ ᠵᠢᠴᠢ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    5 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠤᠷᠠᠯ ᠵᠢᠴᠢ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠶᠠᠨ᠂ ᠰᠢᠤᠢ ᠵᠢᠶᠠᠨ ᠬᠤᠶ᠂ ᠵᠦ ᠬᠤᠩ ᠲᠦ᠋᠂ ᠶᠠᠩ ᠸᠧᠨ ᠳ᠋ᠦᠩ᠂ ᠰᠢᠶᠤ ᠶᠦᠨ ᠰᠥᠩ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠡ ᠬᠤᠶᠠᠷ ᠬᠤᠷᠢᠶᠠᠨ ᠤ ᠬᠠᠷᠢᠭᠤᠴᠠᠯᠭᠠᠲᠠᠨ ᠵᠢᠴᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ᠹᠠᠩ ᠷᠦᠢ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢ ᠡᠷᠬᠢᠮᠯᠡᠬᠦ ᠶᠢ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠪᠥᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠶ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯ ᠨᠠᠮ ᠪᠠ ᠤᠯᠤᠰ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠷᠬᠡᠪᠰᠢ ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠠᠪᠤᠴᠠ ᠳᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠢ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠂ ᠡᠨᠡ ᠪᠣᠯ ᠤᠯᠤᠰ ᠲᠦᠷᠦ ᠶᠢ ᠡᠷᠬᠢᠮᠯᠡᠬᠦ ᠶᠢᠨ ᠬᠠᠮᠤᠭ ᠤᠨ ᠦᠨᠳᠦᠰᠦᠨ ᠬᠤᠷᠢᠭ᠎ᠠ ᠱᠤᠭᠤᠮ ᠮᠥᠨ᠃    ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠵᠢᠯ ᠮᠥᠨ᠂ ᠪᠦᠭᠦ ᠬᠤᠰᠢᠭᠤᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠴᠢᠨᠠᠷ ᠰᠠᠶᠢᠲᠠᠶ ᠬᠦᠢᠭᠵᠢᠯᠲᠠ ᠶᠢᠨ ᠳᠠᠪᠠᠯᠲᠠ ᠶᠢ ᠠᠬᠢᠭᠤᠯᠬᠤ ᠴᠢᠬᠤᠯᠠ ᠵᠢᠯ ᠮᠥᠨ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠴᠢᠬᠤᠯᠠ ᠶᠡᠭᠡ ᠪᠠᠶᠠᠷ ᠤᠨ ᠡᠳᠦᠷ᠂ ᠴᠢᠬᠤᠯᠠ ᠰᠡᠷᠭᠡᠭ ᠵᠠᠩᠭᠢᠯᠠᠭ᠎ᠠ ᠶᠢᠨ ᠴᠡᠭ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠪᠡᠯᠡᠳᠬᠡᠯ ᠲᠥᠰᠦᠯ ᠢ ᠪᠣᠳᠠᠲᠠᠶᠢᠵᠢᠭᠤᠯᠵᠤ᠂ ᠨᠡᠶᠢᠭᠡᠮ ᠤᠨ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠰᠢᠢᠳᠪᠦᠷᠢᠯᠡᠵᠦ ᠶᠡᠬᠡᠪᠡᠷ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠣᠯᠤᠨ ᠵᠥᠷᠢᠴᠡᠯ ᠵᠢᠭᠤᠷᠠᠯᠳᠤᠭᠠᠨ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃    ᠬᠠᠤᠯᠢ ᠬᠡᠷᠡᠭᠵᠢᠭᠦᠯᠦᠯᠲᠡ ᠶᠢᠨ ᠲᠥᠪ ᠭᠤᠣᠯᠴᠢ ᠴᠢᠨᠠᠷ ᠪᠠ ᠴᠢᠩᠭ᠎ᠠ ᠨᠢᠮᠪᠠᠶ ᠴᠢᠨᠠᠷ ᠢ ᠴᠢᠩᠭᠠᠳᠬᠠᠬᠤ ᠶᠠᠪᠤᠳᠠᠯ ᠢ ᠲᠡᠷᠢᠭᠦᠨ ᠴᠢᠬᠤᠯᠠ ᠲᠤᠰᠢᠶᠠᠯ ᠬᠠᠷᠢᠭᠤᠴᠠᠯᠭ᠎ᠠ ᠪᠠᠨ ᠪᠣᠯᠭᠠᠬᠤ ᠬᠡᠷᠡᠭᠲᠡᠶ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ᠂ ᠬᠤᠯᠪᠣᠭᠳᠠᠭᠰᠠᠨ ᠳᠡᠭᠡᠭᠰᠢ ᠰᠤᠷᠪᠤᠯᠵᠢᠯᠠᠬᠤ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ᠂ ᠢᠯᠵᠠᠷᠠᠮᠠᠯ ᠡᠲᠡᠭᠡᠳ ᠢ ᠬᠠᠤᠯᠢ ᠶᠣᠰᠣᠭᠠᠷ ᠴᠢᠩᠭ᠎ᠠ ᠰᠢᠢᠳᠬᠡᠵᠦ ᠂ ᠬᠠᠤᠯᠢ ᠴᠠᠭᠠᠵᠠ ᠶᠢᠨ ᠪᠠᠶᠢᠭᠤᠯᠤᠯ ᠪᠠ ᠠᠵᠢᠯ ᠤᠨ ᠲᠣᠭᠲᠠᠴᠠ ᠶᠢᠨ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠬᠤ ᠪᠥᠭᠡᠳ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠶᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠬᠤᠩ ᠲᠤ ᠠᠴᠠ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号