ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠤᠭᠠᠴᠠᠯ ᠤᠨ ᠨᠠᠶᠢᠷ ᠡᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2022/6/1
ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠤᠭᠠᠴᠠᠯ ᠤᠨ ᠨᠠᠶᠢᠷ ᠡᠬᠢᠯᠡᠬᠦ ᠪᠠᠷ ᠪᠠᠶᠢᠨ᠎ᠠ    5 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠠᠶᠠᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ 6 ᠰᠠᠷ᠎ᠠ ᠶᠢᠨ 2 ᠤᠨ ᠡᠳᠦᠷ ᠬᠠᠷᠠᠴᠢᠨ ᠬᠤᠰᠢᠭᠤᠨ ᠤ ᠸᠠᠩ ᠶᠧ ᠹᠦ᠋ ᠪᠠᠯᠭᠠᠰᠤᠨ ᠤ ᠸᠠᠩ ᠹᠦ᠋ ᠮᠥ᠋ ᠨᠠᠨ ᠠᠭᠤᠳᠠᠮ ᠲᠠᠯᠠᠪᠠᠶ ᠳᠤ ᠵᠢᠩᠬᠢᠨᠢ ᠪᠠᠷ ᠡᠬᠢᠯᠡᠬᠦ ᠪᠣᠯᠤᠨ᠎ᠠ᠃    ᠰᠢᠨ᠎ᠡ ᠰᠣᠷᠭᠤᠭ ᠬᠠᠷᠠᠴᠢᠨ᠂ ᠡᠷᠡᠭᠦᠯ ᠰᠠᠷᠠᠭᠤᠯ ᠠᠮᠢ ᠠᠬᠤᠢ ᠶᠢᠨ ᠵᠤᠭᠠᠴᠠᠯ᠃ ᠬᠠᠷᠠᠴᠢᠨ ᠬᠤᠰᠢᠭᠤᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠠᠷᠠᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠪᠠ ᠠᠯᠳᠠᠷᠰᠢᠯ ᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠠᠶᠠᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠰᠢᠨᠬᠤᠸᠠ ᠬᠤᠷᠢᠶ᠎ᠡ ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠡ ᠂ ᠤᠯᠠᠭᠠᠨᠬᠠᠳᠠ ᠶᠢᠨ ᠡᠳᠦᠷ ᠤᠨ ᠰᠣᠨᠢᠨ᠂ ᠤᠯᠠᠭᠠᠨᠬᠠᠳᠠ ᠬᠤᠳᠠ ᠶᠢᠨ ᠲᠧᠯᠸᠢᠰ ᠬᠤᠷᠢᠶ᠎ᠡ ᠂ ᠤᠯᠠᠭᠠᠨᠬᠠᠳᠠ ᠬᠤᠳᠠ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠡ ᠂ ᠬᠤᠩᠱᠠᠨ ᠤᠷᠤᠢ ᠶᠢᠨ ᠰᠣᠨᠢᠨ ᠵᠡᠷᠭᠡ ᠤᠯᠠᠨ ᠵᠠᠭᠤᠴᠢᠯᠠᠭᠤᠷ ᠤᠨ ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃    ᠢ ᠰᠢᠤ ᠴᠢᠤᠸᠠᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠠᠷᠠᠴᠢᠨ ᠬᠤᠰᠢᠭᠤᠨ ᠤ ᠬᠢᠨ ︽ᠰᠢᠨ᠎ᠡ ᠰᠤᠷᠭᠤᠭ ᠬᠠᠷᠠᠴᠢᠨ᠂ ᠡᠷᠡᠭᠦᠯ ᠡᠩᠬᠡ ᠠᠮᠢ ᠠᠬᠤᠶ ᠶᠢᠨ ᠵᠢᠭᠤᠯᠴᠢᠯᠠᠯ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠥᠪᠡᠷᠲᠡᠭᠡᠨ ᠵᠠᠰᠠᠬᠤ ᠣᠷᠣᠨ ᠤ ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠥᠨᠳᠥᠷ ᠪᠠᠶᠢᠷᠢᠨ ᠳᠤ ᠠᠬᠢᠭᠤᠯᠵᠤ᠂ ᠨᠢᠭᠡᠳᠦᠯᠲᠡᠶ ᠲᠥᠯᠥᠪᠵᠢᠭᠦᠯᠵᠦ᠂ ᠭᠤᠤᠯᠳᠠᠯᠭ᠎ᠠ ᠶᠢ ᠠᠳᠬᠤᠨ᠂ ᠳᠤᠲᠠᠭᠤᠳᠠᠯ ᠢ ᠨᠥᠬᠦᠪᠥᠷᠢᠯᠡᠵᠦ᠂ ᠨᠠᠷᠠᠲᠤ ᠲᠡᠮᠳᠡᠭᠲᠦ ᠶᠢ ᠪᠣᠶ ᠪᠣᠯᠭᠠᠨ᠂ ᠥᠪᠡᠷᠮᠢᠴᠡ ᠣᠨᠴᠠᠯᠢᠭ ᠢ ᠡᠭᠦᠳᠴᠦ᠂ ︽ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠪᠥᠬᠦ ᠲᠠᠯ᠎ᠠ ᠪᠠᠷ ᠡᠬᠢᠯᠡᠨ ᠡᠭᠦᠳᠦᠨ ᠪᠠᠶᠢᠭᠤᠯᠵᠤ᠂ ︽ᠰᠡᠯᠡᠭᠦᠴᠡᠯ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ︾ ᠪᠠ ︽ᠣᠶᠢᠷ᠎ᠠ ᠲᠡᠭᠦᠷᠭᠡ ᠶᠢᠨ ᠬᠥᠳᠡᠭᠡ ᠲᠣᠰᠬᠤᠨ ᠤ ᠵᠢᠭᠤᠯᠴᠢᠯᠠᠯ︾ ᠭᠡᠬᠦ ᠬᠤᠶᠠᠷ ᠲᠣᠮᠣ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠠᠶᠢᠭᠠᠯᠢ ᠶᠢᠨ ᠠᠮᠢ ᠠᠬᠤᠶ ᠶᠢᠨ ᠵᠢᠭᠤᠯᠴᠢᠯᠠᠯ ᠤᠨ ᠰᠢᠯᠢᠳᠡᠭ ᠬᠥᠭᠵᠢᠯᠲᠡ ᠶᠢᠨ ᠬᠠᠨᠳᠤᠰᠢ᠂ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ ᠥᠷᠨᠢᠩᠭᠦᠶ ᠬᠥᠭᠵᠢᠵᠦ᠂ ᠬᠥᠳᠡᠭᠡ ᠲᠣᠰᠬᠤᠨ ᠤ ᠠᠮᠠᠷᠠᠯᠲᠠ ᠶᠢᠨ ᠵᠢᠭᠤᠯᠴᠢᠯᠠᠯ ᠤᠨ ᠲᠠᠰ ᠳᠡᠪᠰᠢᠬᠦ ᠶᠢ ᠪᠡᠶᠡᠯᠡᠭᠦᠯᠪᠡ᠃    ᠣᠶᠢᠯᠠᠭᠠᠭᠰᠠᠨ ᠢᠶᠠᠷ᠂ ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠨᠢ 6 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ ᠬᠠᠷᠠᠴᠢᠨ ᠬᠤᠰᠢᠭᠤᠨ ᠤ ᠸᠠᠩ ᠶᠧ ᠹᠦ᠋ ᠪᠠᠯᠭᠠᠰᠤᠨ ᠤ ᠸᠠᠩ ᠹᠦ᠋ ᠮᠥ᠋ ᠨᠠᠨ ᠠᠭᠤᠳᠠᠮ ᠲᠠᠯᠠᠪᠠᠶ ᠳᠤ ᠲᠣᠮᠣ ᠬᠡᠯᠪᠡᠷᠢ ᠶᠢᠨ ᠡᠬᠢᠯᠡᠯᠲᠡ ᠶᠢᠨ ᠶᠣᠰᠣᠯᠠᠯ ᠤᠨ ᠲᠣᠭᠯᠠᠯᠲᠠ ᠭᠠᠷᠭᠠᠬᠤ ᠪᠣᠯᠤᠨ᠎ᠠ᠃ ᠲᠤᠬᠠᠶ ᠶᠢᠨ ᠦᠶ᠎ᠡ ᠳᠤ ᠬᠠᠷᠠᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠰᠢᠭᠤᠳ ᠨᠡᠪᠲᠡᠷᠡᠭᠦᠯᠭᠡ ᠬᠢᠵᠦ᠂ ᠡᠯ᠎ᠡ ᠭᠠᠵᠠᠷ ᠤᠨ ᠵᠤᠭᠠᠴᠠᠭᠰᠠᠳ ᠪᠠ ᠦᠵᠡᠭᠴᠢᠳ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠪᠠᠷ ᠳᠡᠮᠵᠢᠨ ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠠᠶᠠᠷ ᠤᠨ ᠡᠬᠢᠯᠡᠯᠲᠡ ᠶᠢᠨ ᠶᠣᠰᠣᠯᠠᠯ ᠤᠨ ᠦᠪᠡᠳᠡᠭᠰᠢ ᠪᠠᠶᠢᠳᠠᠯ ᠢ ᠰᠣᠨᠢᠷᠬᠠᠵᠤ ᠪᠣᠯᠤᠨ᠎ᠠ᠃    ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠨᠢ 2022 ᠣᠨ ᠤ ᠬᠠᠷᠠᠴᠢᠨ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠰᠢᠷᠢᠰ ᠠᠵᠢᠯᠯᠠᠭ᠎ᠠ ᠶᠢᠨ ᠡᠬᠢᠯᠡᠯᠲᠡ ᠪᠣᠯᠤᠭᠰᠠᠨ ᠤ ᠬᠤᠪᠢ ᠳᠤ᠂ 6 ᠰᠠᠷ᠎ᠠ ᠶᠢᠨ 2 ᠤᠨ ᠡᠳᠦᠷ ᠠᠴᠠ ᠡᠬᠢᠯᠡᠨ 6 ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠨ᠎ᠡ᠃ ᠡᠨᠡ ᠬᠤᠭᠤᠴᠠᠭᠠᠨ ᠳᠤ᠂ ᠪᠠᠰᠠ ︽ᠬᠡᠯᠡᠨ ᠤ ᠦᠵᠦᠭᠦᠷ ᠲᠠᠬᠢ ᠬᠠᠷᠠᠴᠢᠨ ᠄  ᠸᠠᠩ ᠤᠨ ᠣᠷᠳᠣᠨ ᠤ ᠮᠢᠬ᠎ᠠ ᠰᠢᠷᠠᠬᠤ ᠤᠷᠤᠯᠳᠤᠭᠠᠨ︾ ᠢ ᠡᠷᠭᠢᠯᠡᠵᠦ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠶ ᠰᠢᠭᠤᠶ ᠶᠢᠨ ᠵᠣᠬᠢᠶᠠᠨ ᠪᠠᠶᠢᠭᠤᠯᠤᠯᠲᠠ ᠶᠢᠨ ᠣᠯᠠᠨ ᠴᠢᠳᠠᠮᠵᠢᠳᠤ ᠣᠶ ᠰᠢᠭᠤᠶ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠮᠧᠶ ᠯᠢᠨ ᠬᠥ᠋ ᠳᠡᠳ᠋ ᠥᠨᠳᠦᠷᠯᠢᠭ ᠤᠨ ᠰᠡᠯᠡᠭᠦᠴᠡᠯ ᠠᠮᠠᠷᠠᠯᠲᠠ ᠶᠢᠨ ᠣᠷᠣᠨ᠂ ᠱᠠᠨ ᠷᠦᠩ ᠠᠶᠢᠮᠠᠭ ᠤᠨ ᠦᠵᠡᠮᠵᠢ ᠶᠢᠨ ᠣᠷᠣᠨ᠂ ᠸᠠᠩ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ︽ᠵᠢᠷᠭᠤᠭᠠᠨ ᠶᠡᠭᠡ ᠭᠤᠤᠯᠯᠠᠭᠴᠢ︾ ᠦᠵᠡᠮᠵᠢ ᠶᠢᠨ ᠣᠷᠣᠨ ᠵᠡᠷᠭᠡ ᠪᠠᠷ ᠬᠥᠳᠡᠯᠦᠯᠴᠡᠵᠦ᠂ ᠦᠵᠡᠮᠵᠢ ᠶᠢᠨ ᠣᠷᠣᠨ ᠤ ᠤᠬᠠᠭᠤᠯᠭ᠎ᠠ ᠦᠵᠡᠭᠦᠯᠦᠯᠭᠡ᠂ ᠦᠵᠡᠮᠵᠢ ᠶᠢᠨ ᠣᠷᠣᠨ ᠤ ᠬᠠᠮᠲᠤᠷᠠᠭᠰᠠᠨ ᠪᠢᠯᠧᠲ ᠢᠶᠠᠷ ᠬᠦᠷᠭᠡᠬᠦ ᠵᠡᠷᠭᠡ ᠠᠵᠢᠯᠯᠠᠭ᠎ᠠ ᠶᠢ ᠥᠷᠨᠢᠭᠦᠯᠪᠡ᠃ ᠵᠢᠯ ᠤᠨ ᠳᠣᠲᠣᠷ᠎ᠠ ᠬᠠᠷᠠᠴᠢᠨ ᠬᠤᠰᠢᠭᠤᠨ ᠤ ᠬᠢᠨ ᠪᠠᠰᠠ ᠬᠡᠷᠡᠯ ᠵᠢᠷᠤᠭ ᠤᠨ ᠤᠷᠤᠯᠳᠤᠭᠠᠨ᠂ ᠤᠯᠠᠭᠠᠨ ᠨᠠᠪᠴᠢ ᠶᠢᠨ ᠪᠠᠶᠠᠷ᠂ ᠮᠥᠰᠥ ᠴᠠᠰᠤᠨ ᠤ ᠪᠠᠶᠠᠷ ᠵᠡᠷᠭᠡ ᠰᠢᠷᠢᠰ ᠠᠵᠢᠯᠯᠠᠭ᠎ᠠ ᠶᠢ ᠴᠠᠭ ᠲᠤᠨᠢ ᠳᠣᠭᠢᠷᠠᠭᠤᠯᠤᠨ ᠶᠠᠪᠤᠭᠳᠠᠭᠤᠯᠤᠨ᠎ᠠ᠃    ᠲᠠᠷᠠᠭᠠᠴᠢ ᠶᠢᠨ ᠠᠯᠬᠤᠮ ᠳᠤ ᠬᠠᠷᠠᠴᠢᠨ ᠬᠤᠰᠢᠭᠤᠨ ᠤ ᠬᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ᠂ ᠪᠥᠬᠦ ᠣᠷᠣᠨ ᠪᠦᠰᠡ᠂ ᠪᠥᠬᠦ ᠤᠯᠠᠷᠢᠯ᠂ ᠪᠥᠬᠦ ᠴᠠᠭ ᠤᠨ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠣᠶ ᠪᠣᠯᠭᠠᠵᠤ᠂ ︽ᠰᠡᠯᠡᠭᠦᠴᠡᠯ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ︾ ᠪᠠ ︽ᠣᠶᠢᠷ᠎ᠠ ᠲᠡᠭᠦᠷᠭᠡ ᠶᠢᠨ ᠬᠥᠳᠡᠭᠡ ᠲᠣᠰᠬᠤᠨ ᠤ ᠵᠢᠭᠤᠯᠴᠢᠯᠠᠯ︾ ᠭᠡᠬᠦ ᠬᠤᠶᠠᠷ ᠲᠣᠮᠣ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠬᠠᠷᠠᠴᠢᠨ ᠬᠤᠰᠢᠭᠤᠨ ᠤ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠬᠦᠴᠦᠲᠡᠶ ᠳᠥᠯᠭᠢᠨ ᠠᠬᠢᠭᠤᠯᠬᠤ ᠪᠠᠷ ᠪᠠᠶᠢᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号