︽ᠳᠡᠯᠡᠬᠡᠶ ᠶᠢᠨ ᠣᠷᠴᠢᠨ ᠠᠬᠤᠶ ᠶᠢᠨ ᠡᠳᠦᠷ︾ ᠬᠤᠲᠠ ᠶᠢᠨ ᠠᠮᠢ ᠠᠬᠤᠶ ᠣᠷᠴᠢᠨ ᠲᠤᠭᠤᠷᠢᠨ ᠶᠢᠨ ᠲᠣᠪᠴᠢᠶ᠎ᠠ ᠶᠢᠨ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ ︽ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠥᠲᠥᠭᠡᠨ ᠪᠠᠶᠢᠭᠤᠯᠬᠤ ︾ ᠵᠢᠷᠭᠤᠭᠠᠨ ᠰᠠᠷ᠎ᠠ ᠤᠨ ᠲᠠᠪᠤᠨ ᠤ ᠣᠷᠴᠢᠨ ᠲᠤᠭᠤᠷᠢᠨ ᠤ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/6/16
︽ᠳᠡᠯᠡᠬᠡᠶ ᠶᠢᠨ ᠣᠷᠴᠢᠨ ᠠᠬᠤᠶ ᠶᠢᠨ ᠡᠳᠦᠷ︾ ᠬᠤᠲᠠ ᠶᠢᠨ ᠠᠮᠢ ᠠᠬᠤᠶ ᠣᠷᠴᠢᠨ ᠲᠤᠭᠤᠷᠢᠨ ᠶᠢᠨ ᠲᠣᠪᠴᠢᠶ᠎ᠠ ᠶᠢᠨ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ ︽ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠥᠲᠥᠭᠡᠨ ᠪᠠᠶᠢᠭᠤᠯᠬᠤ︾ ᠵᠢᠷᠭᠤᠭᠠᠨ ᠰᠠᠷ᠎ᠠ ᠤᠨ ᠲᠠᠪᠤᠨ ᠤ ᠣᠷᠴᠢᠨ ᠲᠤᠭᠤᠷᠢᠨ ᠤ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ    ᠣᠶᠢᠷ᠎ᠠ ᠶᠢᠨ ᠡᠳᠦᠷ ᠤᠳ ᠲᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ ︽ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠥᠲᠥᠭᠡᠨ ᠪᠠᠶᠢᠭᠤᠯᠬᠤ︾ ᠵᠢᠷᠭᠤᠭᠠᠨ ᠰᠠᠷ᠎ᠠ  ᠶᠢᠨ ᠲᠠᠪᠤᠨ ᠤ ᠣᠷᠴᠢᠨ ᠲᠣᠭᠤᠷᠢᠨ ᠤ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃    6 ᠰᠠᠷ᠎ᠠ ᠶᠢᠨ 2 ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠡ ᠂ ᠤᠯᠠᠭᠠᠨᠬᠠᠳᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠠᠴᠠ ᠭᠤᠣᠯᠯᠠᠨ ᠡᠷᠬᠢᠯᠡᠵᠦ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠡ ᠶᠢᠨ ᠬᠠᠷᠠᠴᠢᠨ ᠬᠤᠰᠢᠭᠤᠨ ᠤ ᠬᠤᠪᠢᠶᠠᠷᠢ ᠲᠤᠪᠴᠢᠶ᠎ᠡ ᠠᠴᠠ ᠳᠠᠭᠠᠭᠠᠴᠢᠯᠠᠨ ᠡᠷᠬᠢᠯᠡᠭᠰᠡᠡ 6 ᠰᠠᠷ᠎ᠠ ᠶᠢᠨ 5 ᠤ ᠣᠷᠴᠢᠨ ᠲᠣᠭᠤᠷᠢᠨ ᠤ ᠡᠳᠦᠷ ᠵᠢᠴᠢ ︽ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠨᠢᠦ ᠵᠢᠶᠠ ᠢᠩᠽᠢ ᠪᠠᠯᠭᠠᠰᠤᠨ ᠤ ᠸᠠᠩ ᠢᠩᠽᠢ ᠲᠣᠰᠬᠤᠨ ᠳᠤ ᠡᠬᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠧᠩ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠭᠤᠸᠠᠩ ᠵᠢᠶᠦ᠋ᠨ ᠵᠢᠴᠢ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠂ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠴᠢᠶ᠎ᠡ ᠠᠴᠠ ᠲᠣᠰᠬᠤᠨ ᠤ ᠠᠷᠠᠳ ᠤᠨ ᠵᠥᠪᠯᠡᠯ ᠳᠤ ᠬᠠᠤᠯᠢ ᠲᠦᠷᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠠᠯ ᠳᠤ ᠣᠷᠣᠯᠴᠠᠭᠰᠠᠨ ᠪᠤᠢ ᠪᠦᠬᠦᠢ ᠤᠳᠤᠷᠢᠳᠤᠯᠭ᠎ᠠ ᠭᠠᠷ ᠤᠨ ᠦᠰᠦᠭ ᠵᠢᠷᠤᠬᠤ ᠬᠡᠷᠡᠮ ᠳᠤ ᠭᠠᠷ ᠤᠨ ᠦᠰᠦᠭ ᠵᠢᠷᠤᠵᠤ ᠂ ᠤᠬᠠᠭᠤᠯᠭ᠎ᠠ ᠬᠥᠮᠦᠵᠢᠯ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠠᠮᠢ ᠠᠬᠤᠢ ᠶᠢ ᠬᠠᠶᠢᠷᠠᠯᠠᠬᠤ᠂ ᠣᠷᠴᠢᠨ ᠲᠣᠭᠤᠷᠢᠨ ᠢ ᠨᠠᠨᠳᠢᠩᠨᠠᠬᠤ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠤᠢᠢᠯᠠᠭᠠᠭᠳᠠᠬᠤᠨ ᠢ ᠪᠦᠬᠦ ᠨᠡᠶᠢᠭᠡᠮ ᠤᠨ ᠬᠠᠮᠲᠤ ᠶᠢᠨ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠬᠤ ᠶᠢ ᠠᠬᠢᠭᠤᠯᠪᠠ᠃    6 ᠰᠠᠷ᠎ᠠ ᠶᠢᠨ 2 ᠤᠨ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠷᠦᠩ ᠰᠢ ᠹᠧᠩ ᠂ ᠬᠤᠰᠢᠭᠤᠨ ᠤ ᠤᠯᠤᠰ ᠳᠦᠷᠦ ᠶᠢᠨ ᠵᠥᠪᠯᠡᠯᠭᠡᠨ ᠤ ᠳᠡᠳ᠋ ᠲᠠᠷᠢᠭᠦᠯᠠᠭᠴᠢ ᠯᠢ ᠭᠤᠸᠠᠩ ᠵᠢᠶᠦ᠋ᠨ᠂ ᠬᠠᠷᠠᠴᠢᠨ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ ᠤᠳᠬ᠎ᠠ ᠵᠣᠬᠢᠶᠠᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠵᠤᠤ ᠰᠢᠶᠤᠤ ᠹᠧᠩ ᠵᠡᠷᠭᠡ ᠨᠥᠬᠦᠳ ᠬᠠᠮᠲᠤ ᠪᠠᠷ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶᠠᠨ ᠤ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠡᠷᠭᠢᠯᠠᠭᠰᠠᠨ6 ᠰᠠᠷ᠎ᠠ ᠤᠨ 5  ᠤ ᠣᠷᠴᠢᠨ ᠲᠣᠭᠤᠷᠢᠨ ᠤ ᠡᠳᠦᠷ ᠤᠨ ᠭᠡᠷᠡᠯ ᠵᠢᠷᠤᠭ ᠤᠷᠠᠨ ᠪᠢᠴᠢᠯᠭᠡ ᠶᠢᠨ ᠦᠵᠡᠭᠦᠯᠦᠯᠭᠡ ᠳᠤ ᠣᠷᠣᠯᠴᠠᠪᠠ᠃    ᠷᠦᠩ ᠰᠢ ᠹᠧᠩ ᠪᠠᠶᠠᠷ ᠤᠨ ᠦᠭᠡ ᠬᠡᠯᠡᠬᠦ ᠳᠡᠭᠡᠨ᠂ ᠬᠠᠷᠠᠴᠢᠨ ᠬᠤᠰᠢᠭᠤᠨ ᠳᠤ ᠭᠦᠨ ᠵᠤᠵᠠᠭᠠᠨ ᠤᠷᠠᠨ ᠪᠢᠴᠢᠯᠭᠡ ᠶᠢᠨ ᠠᠭᠤᠷ ᠠᠮᠢᠰᠬᠤᠯ ᠪᠠ ᠥᠷᠭᠡᠨ ᠳᠡᠯᠭᠡᠷ ᠣᠯᠠᠨ ᠲᠦᠮᠡᠨ ᠤ ᠰᠠᠭᠤᠷᠢ ᠲᠠᠢ︔ ᠬᠡᠷᠡᠯ ᠵᠢᠷᠤᠭ ᠪᠣᠯ ᠲᠡᠤᠬᠡ ᠶᠢᠨ ᠬᠤᠪᠢᠷᠠᠯᠲᠠ ᠶᠢ ᠰᠢᠭᠤᠳ ᠭᠡᠷᠡᠴᠢᠯᠡᠬᠦ ᠴᠢᠬᠤᠯᠠ ᠠᠴᠢᠶᠠᠯᠠᠭᠴᠢ ᠮᠥᠨ᠂ ᠬᠡᠷᠡᠯ ᠵᠢᠷᠤᠭ ᠪᠣᠯ ᠴᠠᠭ ᠪᠠ ᠣᠷᠣᠨ ᠵᠠᠶ ᠶᠢ ᠦᠯᠡᠳᠡᠭᠡᠬᠦ ᠬᠠᠮᠤᠭ ᠤᠨ ᠰᠠᠶᠢᠨ ᠵᠠᠭᠤᠴᠢ ᠮᠥᠨ᠃ ᠤᠷᠠᠨ ᠪᠢᠴᠢᠯᠭᠡ᠂ ᠭᠡᠷᠡᠯ ᠵᠢᠷᠤᠭ ᠤᠨ ᠪᠦᠲᠦᠭᠡᠯ ᠨᠢ ᠠᠳᠠᠯᠢ ᠪᠤᠰᠤ ᠬᠠᠷᠠᠭᠠᠰᠤ ᠠᠴᠠ ᠠᠷᠠᠳ ᠤᠯᠠᠨ ᠤ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠤᠢᠢᠯᠠᠭᠠᠭᠳᠠᠬᠤᠨ ᠢ ᠢᠯᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠭᠰᠠᠨ ᠤ ᠳᠠᠷᠠᠭᠠᠬᠢ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠢᠯᠡᠷᠡᠭᠦᠯᠪᠡ᠃    ᠵᠢᠷᠭᠤᠭᠠᠨ ᠰᠠᠷ᠎ᠠ ᠤᠨ ᠲᠠᠪᠤᠨ ᠤ ᠣᠷᠴᠢᠨ ᠲᠤᠭᠤᠷᠢᠨ ᠤ ᠡᠳᠦᠷ ᠤᠨ ᠤᠬᠠᠭᠤᠯᠭ᠎ᠠ ᠶᠢᠨ ᠬᠤᠭᠤᠴᠠᠭᠠᠨ ᠳᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢᠳ ᠵᠢᠨᠱᠠᠨ ᠲᠣᠭᠤᠨᠣᠯᠵᠢᠨ ᠵᠡᠭᠡᠯᠢ ᠳᠤ ᠭᠦᠨᠵᠡᠭᠡᠶᠢᠷᠡᠵᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠵᠦᠪᠯᠡᠯᠭᠡ ᠲᠤᠬᠠᠢ ᠶᠢᠨ ᠲᠠᠯᠠᠪᠠᠢ ᠳᠤ ᠡᠯᠭᠦᠭᠡ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠥᠷᠭᠡᠨ ᠤᠯᠠᠨ ᠰᠠᠭᠤᠭᠠᠯᠢ ᠠᠷᠠᠳ ᠢ ᠤᠬᠠᠮᠰᠠᠷ ᠠᠴᠠ ᠪᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠢ ᠤᠯᠠᠮᠵᠢᠯᠠᠵᠤ᠂ ᠬᠥᠮᠦᠨ ᠪᠦᠬᠦᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠩᠬᠠᠷᠬᠤ᠂ ᠬᠥᠮᠦᠨ ᠪᠦᠬᠦᠨ ᠣᠷᠴᠢᠨ ᠲᠣᠭᠤᠷᠢᠨ ᠤ ᠬᠠᠮᠠᠭᠠᠯᠠᠯᠲᠠ ᠶᠢ ᠤᠬᠠᠭᠤᠯᠬᠤ᠂ ᠬᠥᠮᠦᠨ ᠪᠦᠬᠦᠨ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠤᠷᠢᠶᠠᠯᠠᠪᠠ᠃    ᠨᠡᠶᠢᠭᠡᠮ ᠨᠡᠶᠢᠲᠡ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠤᠭᠠᠨ ᠰᠠᠷ᠎ᠠ ᠶᠢᠨ ᠲᠠᠪᠤᠨ ᠤ ᠣᠷᠴᠢᠨ ᠲᠣᠭᠤᠷᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠤᠶᠠᠯᠳᠤᠭᠤᠯᠤᠨ ᠤᠬᠠᠭᠤᠯᠬᠤ ᠠᠵᠢᠯᠯᠠᠭ᠎ᠠ ᠪᠠᠨ ᠬᠥᠳᠡᠭᠡ ᠲᠣᠰᠬᠤᠨ ᠳᠤ ᠬᠦᠷᠲᠡᠯ᠎ᠡ ᠥᠷᠭᠡᠳᠬᠡᠵᠦ᠂ ᠾᠧᠨᠠᠨ ᠵᠡᠭᠦᠨ ᠲᠤᠰᠬᠤᠨ᠂ ᠱᠤᠤ ᠭᠦᠸᠧ ᠢᠩᠽᠢ ᠲᠣᠰᠬᠤᠨ ᠳᠤ ᠡᠯᠭᠦᠭᠡ ᠪᠢᠴᠢᠭᠡᠰᠦ ᠡᠯᠭᠦᠵᠦ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠦᠵᠡᠵᠦ ᠰᠣᠨᠢᠷᠬᠠᠬᠤ ᠳᠤᠷᠠᠲᠠᠢ ᠶᠠᠩᠭᠠᠷ ᠪᠥᠵᠢᠭ᠂ ᠲᠠᠯᠠᠪᠠᠢ ᠶᠢᠨ ᠪᠥᠵᠢᠭ ᠢ ᠥᠷᠨᠢᠭᠦᠯᠵᠦ᠂ ᠤᠯᠠᠨ ᠲᠦᠮᠡᠨ ᠢ ᠲᠠᠶᠢᠴᠢᠯᠠᠨ ᠤᠬᠠᠭᠤᠯᠭ᠎ᠠ ᠳᠤ ᠣᠷᠣᠯᠴᠠᠭᠤᠯᠵᠤ᠂ ᠤᠯᠠᠨ ᠨᠡᠶᠢᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠳᠤ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号