ᠪᠠᠭ᠎ᠠ ᠨᠡᠭᠦᠴᠡ ᠪᠠᠯᠭᠠᠰᠤᠨ ᠤ ᠨᠠᠮ ᠤᠨ ᠬᠤᠷᠢᠶ᠎ᠠ᠄ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠵᠦ︾ ᠲᠥᠪᠯᠡᠷᠡᠭᠦᠯᠦᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2022/6/16
ᠪᠠᠭ᠎ᠠ ᠨᠡᠭᠦᠴᠡ ᠪᠠᠯᠭᠠᠰᠤᠨ ᠤ ᠨᠠᠮ ᠤᠨ ᠬᠤᠷᠢᠶ᠎ᠠ᠄ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠵᠦ︾ ᠲᠥᠪᠯᠡᠷᠡᠭᠦᠯᠦᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠳᠥᠯᠭᠢᠨ ᠠᠬᠢᠭᠤᠯᠤᠨ᠎ᠠ    ᠪᠥᠬᠦ ᠬᠤᠰᠢᠭᠤᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠡᠬᠢᠯᠡᠭᠦᠯᠦᠭᠰᠡᠨ ᠠᠴᠠ ᠨᠠᠰᠢ᠂ ᠰᠢᠶᠤᠤ ᠨᠢᠦ ᠴᠢᠶᠦ᠋ᠨ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠨᠡ ᠬᠦ ᠡᠭᠦᠷᠭᠡ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ᠂ ︽ᠰᠤᠷᠤᠯᠴᠠᠬᠤ ᠠᠭᠤᠷ ᠠᠮᠢᠰᠬᠤᠯ᠂ ᠴᠢᠩᠭ᠎ᠠ ᠠᠭᠤᠷ ᠠᠮᠢᠰᠬᠤᠯ᠂ ᠠᠵᠢᠯᠯᠠᠬᠤ ᠠᠭᠤᠷ ᠠᠮᠢᠰᠬᠤᠯ︾ ᠢ ᠦᠷᠭᠦᠯᠵᠢᠯᠡᠨ ᠪᠣᠶ ᠪᠣᠯᠭᠠᠵᠤ᠂ ︽ᠭᠤᠷᠪᠠ ᠶᠢ ᠲᠥᠪᠯᠡᠷᠡᠭᠦᠯᠬᠦ︾ ᠪᠠᠷ ᠲᠥᠪᠯᠡᠷᠡᠭᠦᠯᠦᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠪᠠ ᠃    ᠠᠵᠢᠯ ᠤᠨ ᠲᠤᠰᠬᠠᠶ ᠠᠩᠭᠢ ᠪᠠᠶᠢᠭᠤᠯᠵᠤ᠂ ᠨᠠᠮ ᠤᠨ ᠬᠤᠷᠢᠶᠠᠨ ᠤ ᠱᠦᠵᠢ ᠳᠤᠭᠤᠶᠢᠯᠠᠩ ᠤᠨ ᠳᠠᠷᠤᠭ᠎ᠠ ᠪᠣᠯᠵᠤ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠳᠡᠳ᠋ ᠳᠤᠭᠤᠶᠢᠯᠠᠩ ᠤᠨ ᠳᠠᠷᠤᠭ᠎ᠠ ᠪᠣᠯᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠲᠥᠪᠯᠡᠷᠡᠭᠦᠯᠦᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠤᠰᠬᠠᠢ ᠬᠥᠮᠦᠨ ᠢᠶᠠᠷ ᠲᠤᠰᠬᠠᠢ ᠠᠳᠬᠠᠭᠤᠯᠵᠤ ᠂ ᠲᠥᠪᠯᠡᠷᠡᠭᠦᠯᠦᠨ ᠵᠠᠰᠠᠬᠤ ᠠᠵᠢᠯ ᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠴᠢᠩᠭᠠᠳᠬᠠᠬᠤ ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠬᠤ᠂ ᠡᠩᠨᠡᠭᠡᠨ ᠤ ᠰᠤᠷᠲᠠᠯ ᠢ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠵᠢᠯ ᠨᠢᠭᠡᠪᠦᠷᠢ᠂ ᠭᠤᠭᠴᠤᠭ᠎ᠠ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠪᠥᠭᠡᠳ ᠡᠮᠬᠢ ᠵᠢᠷᠤᠮ ᠲᠠᠢ ᠪᠠᠷ ᠬᠢᠬᠦ ᠬᠡᠷᠡᠭᠲᠡᠢ᠃    ︽ᠨᠠᠮ ᠤᠨ ᠬᠤᠷᠢᠶᠠᠨ ᠤ ᠱᠦᠵᠢ ᠲᠦᠷᠦᠭᠦᠯᠡᠨ ᠰᠤᠷᠤᠯᠴᠠᠬᠤ᠂ ᠪᠠᠭ ᠤᠨ ᠪᠦᠷᠢᠯᠳᠦᠬᠦᠨ ᠳᠠᠭᠠᠭᠤᠯᠤᠨ ᠰᠤᠷᠤᠯᠴᠠᠬᠤ᠂ ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠬᠤ︾ ᠰᠤᠷᠤᠯᠴᠠᠯᠭ᠎ᠠ ᠶᠢᠨ ᠬᠡᠪ ᠵᠠᠭᠪᠤᠷ ᠢ ᠪᠠᠶᠢᠭᠤᠯᠵᠤ᠂ ︽ᠬᠠᠮᠲᠤ ᠪᠠᠷ ᠰᠤᠷᠤᠯᠴᠠᠬᠤ + ᠬᠤᠪᠢ ᠬᠥᠮᠦᠨ ᠥᠪᠡᠰᠦᠪᠡᠨ ᠰᠤᠷᠤᠯᠴᠠᠬᠤ︾ ᠪᠠᠷ ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ᠂ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾᠂ ︽ᠠᠷᠪᠠᠨ ᠨᠢᠭᠡᠨ ᠴᠢᠩᠭ᠎ᠠ ᠴᠠᠭᠠᠵᠠᠯᠠᠬᠤ︾ ᠵᠡᠷᠭᠡ ᠠᠭᠤᠯᠭ᠎ᠠ ᠶᠢ ᠭᠦᠨᠵᠡᠭᠡᠶ ᠰᠤᠷᠤᠯᠴᠠᠭᠤᠯᠵᠤ᠂ ᠰᠤᠷᠤᠯᠴᠠᠭᠰᠠᠨ ᠲᠡᠮᠳᠡᠭᠯᠡᠯ ᠬᠢᠬᠦ᠂ ᠣᠯᠤᠯᠲᠠ ᠲᠦᠷᠦᠭᠳᠡᠯ ᠢᠶᠠᠨ ᠪᠢᠴᠢᠭᠦᠯᠬᠦ ᠪᠠᠷ ᠳᠠᠮᠵᠢᠭᠤᠯᠤᠨ ᠂ ᠰᠤᠷᠤᠯᠴᠠᠯᠭ᠎ᠠ ᠶᠢ ︽ᠴᠢᠬᠢᠨ ᠳᠤ ᠬᠠᠳᠠᠩᠰᠢᠭᠤᠯᠵᠤ᠂ ᠲᠠᠷᠢᠬᠢᠨ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠬᠤ︾ ᠬᠡᠷᠡᠭᠲᠡᠶ᠃    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠨᠡᠶᠢᠳᠡ 17 ᠠᠰᠠᠭᠤᠳᠠᠯ ᠢ ᠪᠠᠶᠢᠴᠠᠭᠠᠨ ᠳᠡᠯᠭᠡᠵᠦ᠂ 19 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠡᠩ ᠤᠨ ᠨᠠᠮ ᠤᠨ ᠭᠡᠰᠢᠭᠦᠨ ᠺᠠᠳ᠋ᠷ ᠨᠡᠶᠢᠳᠡ 43 ᠠᠰᠠᠭᠤᠳᠠᠯ ᠢ ᠪᠠᠶᠢᠴᠠᠭᠠᠨ ᠳᠡᠯᠭᠡᠵᠦ᠂ 52 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠪᠠᠶᠢᠴᠠᠭᠠᠨ ᠳᠡᠯᠭᠡᠭᠰᠡᠨ ᠠᠰᠠᠭᠤᠳᠠᠯ ᠢ ᠲᠡᠷᠡ ᠳᠠᠷᠤᠢ ᠳᠤᠨᠢ ᠬᠠᠯᠠᠨ ᠰᠠᠶᠢᠵᠢᠷᠠᠭᠤᠯᠬᠤ ᠶᠢᠨ ᠬᠠᠮᠲᠤ ᠪᠠᠬᠢᠵᠢᠭᠦᠯᠦᠨ ᠳᠡᠭᠡᠭᠰᠢᠯᠡᠭᠦᠯᠬᠦ ᠶᠢ ᠴᠢᠩᠭᠠᠳᠬᠠᠵᠤ᠂ 6 ᠰᠠᠷ᠎ᠠ ᠶᠢᠨ ᠰᠡᠭᠦᠯᠴᠢ ᠪᠠᠷ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠠᠢ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠥᠭᠡᠷᠡᠴᠢᠯᠡᠬᠦ ᠶᠢ ᠠᠬᠢᠭᠤᠯᠵᠤ᠂ ᠲᠥᠪᠯᠡᠷᠡᠭᠦᠯᠦᠨ ᠵᠠᠰᠠᠬᠤ ᠪᠠᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠬᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃    ᠣᠳᠣᠬᠠᠨ ᠪᠣᠯᠲᠠᠯ᠎ᠠ᠂ ᠰᠢᠶᠤᠤ ᠨᠢᠦ ᠴᠢᠶᠦ᠋ᠨ ᠪᠠᠯᠭᠠᠰᠤᠨ ᠤ ᠨᠠᠮ ᠤᠨ ᠬᠤᠷᠢ᠊ ᠡᠶ᠎ᠡ ᠨᠠᠶᠢᠳᠠ 3 ᠤᠳᠠᠭ᠎ᠠ ᠨᠠᠮ ᠤᠨ ᠬᠢᠴᠢᠶᠡᠯ ᠣᠷᠣᠵᠤ᠂ ᠡᠭᠦᠨ ᠳᠤ ᠨᠠᠮ ᠤᠨ ᠬᠤᠷᠢ᠊ ᠡᠶ᠎ᠡ ᠶᠢᠨ ᠱᠦᠵᠢ 1 ᠤᠳᠠᠭ᠎ᠠ ᠨᠠᠮ ᠤᠨ ᠬᠢᠴᠢᠶᠡᠯ ᠣᠷᠣᠵᠤ᠂ 2 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠢ 25 ᠤᠳᠠᠭ᠎ᠠ ᠵᠣᠬᠢᠶᠠᠨ ᠪᠠᠶᠢᠭᠤᠯᠤᠨ ᠰᠤᠷᠤᠯᠴᠠᠭᠤᠯᠵᠤ᠂ 200 ᠭᠠᠷᠤᠢ ᠬᠤᠪᠢ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ 2 ᠤᠳᠠᠭ᠎ᠠ ᠰᠡᠷᠡᠮᠵᠢᠯᠡᠭᠦᠯᠬᠦ ᠬᠥᠮᠦᠵᠢᠯ ᠬᠢᠵᠦ᠂ 1 ᠤᠳᠠᠭ᠎ᠠ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠵᠦ᠂ 40 ᠭᠠᠷᠤᠢ ᠬᠤᠪᠢ ᠣᠯᠤᠯᠲᠠ ᠲᠦᠷᠦᠭᠳᠡᠯ ᠲᠠᠢ ᠪᠣᠯᠵᠠᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠮᠡᠳᠡᠯᠭᠡ ᠶᠢᠨ ᠰᠢᠯᠭᠠᠯᠲᠠ ᠶᠢ ᠨᠢᠭᠡ ᠤᠳᠠᠭ᠎ᠠ ᠲᠥᠪ ᠴᠢᠩᠭ᠎ᠠ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ ᠰᠤᠷᠤᠯᠴᠠᠯᠭ᠎ᠠ ᠶᠢᠨ ᠬᠠᠯᠠᠭᠤᠨ ᠰᠡᠳᠬᠢᠯᠭᠡ ᠶᠢ ᠬᠥᠭᠵᠢᠭᠡᠬᠦ᠂ ᠨᠠᠮ ᠤᠨ ᠭᠡᠰᠢᠭᠦᠨ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ 40 ᠭᠠᠷᠤᠢ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠰᠢᠯᠭᠠᠯᠲᠠ ᠳᠤ ᠣᠷᠣᠯᠴᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号