ᠵᠣᠣ ᠶᠠᠨ ᠬᠤᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ  ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠢᠭᠤᠯᠤᠯᠲᠠ ᠶᠢᠨ ᠠᠵᠢᠯ ᠳᠤ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/16
ᠵᠣᠣ ᠶᠠᠨ ᠬᠤᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ   ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠢᠭᠤᠯᠤᠯᠲᠠ ᠶᠢᠨ ᠠᠵᠢᠯ ᠳᠤ ᠪᠠᠢᠴᠠᠭᠠᠨ ᠰᠤᠳᠤᠯᠤᠯᠲᠠ ᠬᠢᠪᠡ    6 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠦᠶ ᠹᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠠᠭᠤᠯᠠ ᠤᠰᠤᠨ ᠤ ᠠᠯᠤᠰ ᠠᠶᠠᠯᠠᠯ ᠤᠨ ᠬᠤᠳᠠ ᠠᠴᠠ ᠤᠬᠤᠷᠢᠨ ᠴᠡᠴᠡᠷᠯᠢᠭ ᠲᠤ ᠣᠷᠣᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠵᠤᠤ ᠶᠠᠨ ᠬᠤᠩ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠪᠠᠷᠢᠯᠭ᠎ᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠭᠰᠡᠨ ᠪᠥᠭᠡᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃    ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠭᠤᠤᠯ ᠲᠡᠶᠢᠨ ᠤ ᠲᠠᠯᠠᠪᠤᠷ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠰᠡᠳᠬᠢᠮᠵᠢ ᠪᠠᠨ ᠲᠣᠳᠣᠷᠬᠠᠶ ᠪᠣᠯᠭᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠮᠬᠢ ᠵᠢᠷᠤᠮ ᠲᠠᠢ ᠵᠣᠯᠭᠠᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠲᠤᠰᠬᠠᠶ ᠠᠩᠭᠢ ᠨᠢ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠦᠢᠯᠡᠴᠢᠯᠡᠭᠡ ᠪᠠ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠠ ᠦᠢᠯᠡᠴᠢᠯᠡᠭᠡ ᠶᠢᠨ ᠲᠣᠭᠤᠷᠢᠨ ᠳᠤ᠂ ᠲᠥᠷᠥᠯ ᠵᠦᠢᠯ ᠢ ᠬᠠᠪᠰᠤᠷᠤᠨ ᠲᠦᠭᠵᠢᠷᠡᠯ ᠢ ᠨᠢ ᠠᠷᠢᠯᠭᠠᠵᠤ᠂ ᠬᠦᠴᠢᠷ ᠠᠰᠠᠭᠤᠳᠠᠯ ᠢ ᠨᠢ ᠠᠷᠢᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠳᠤ ᠦᠵᠡᠭᠦᠯᠬᠦ ᠬᠥᠲᠥᠯᠦᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠬᠡᠷᠡᠭᠲᠡᠶ᠃    ᠵᠤᠤ ᠶᠠᠨ ᠬᠤᠩ ᠴᠢᠩᠭᠠᠳᠬᠠᠭᠰᠠᠨ ᠨᠢ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠲᠦᠷᠦᠯ ᠵᠦᠢᠯ ᠤᠨ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃    ᠶᠠᠷᠢᠯᠴᠠᠬᠤ ᠬᠤᠷᠠᠯ ᠳᠡᠭᠡᠷ᠎ᠡ᠂ ᠵᠣᠣ ᠶᠠᠨ ᠬᠤᠩ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠬᠤᠯᠠ ᠪᠠᠶᠢᠷᠢᠨ ᠳᠤ ᠲᠠᠯᠪᠢᠵᠤ᠂ ᠠᠵᠢᠯ ᠡᠬᠢᠯᠡᠭᠦᠯᠬᠦ᠂ ᠳᠥᠯᠭᠢᠨ ᠠᠬᠢᠭᠤᠯᠬᠤ᠂ ᠠᠵᠢᠯ ᠳᠠᠭᠤᠰᠬᠠᠬᠤ᠂ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠠᠵᠢᠯ ᠡᠬᠢᠯᠡᠭᠦᠯᠬᠦ ᠪᠥᠲᠥᠭᠡᠨ ᠪᠠᠶᠢᠭᠤᠯᠤᠯᠲᠠ ᠶᠢᠨ ᠨᠣᠷᠮ᠎ᠠ᠂ ᠠᠰᠢᠭᠯᠠᠯᠲᠠ ᠳᠤ ᠣᠷᠣᠭᠤᠯᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠳᠬᠠᠵᠤ᠂ ᠡᠯ᠎ᠡ ᠱᠠᠲᠤᠨ ᠤ ᠠᠷᠠᠯᠵᠢᠶᠠᠴᠢᠨ ᠤᠷᠢᠬᠤ ᠳᠤᠭᠤᠶᠢᠯᠠᠩ ᠪᠠ ᠠᠵᠢᠯ ᠤᠨ ᠲᠤᠰᠬᠠᠶ ᠠᠩᠭᠢ ᠶᠢ ᠥᠷᠭᠡᠨ ᠢᠶᠠᠷ ᠳᠠᠶᠢᠴᠢᠯᠠᠨ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠵᠡᠷᠭᠡ ᠪᠦᠲᠦᠮᠵᠢᠲᠡᠶ ᠠᠷᠠᠯᠵᠢᠶᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠨᠠᠩ ᠣᠯᠠᠨ ᠠᠵᠤ ᠠᠬᠤᠶᠢᠯᠠᠯ ᠢ ᠲᠡᠳᠡᠨ ᠬᠦᠷᠢᠶᠡᠯᠡᠩ ᠲᠣᠭᠤᠷᠢᠭ ᠲᠤ ᠡᠷᠦᠬᠡ ᠠᠮᠠ ᠣᠷᠣᠭᠤᠯᠵᠤ᠂ ᠠᠷᠠᠯᠵᠢᠶᠠᠴᠢᠨ ᠤᠷᠢᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号