ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/16
ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ    6 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠮᠧᠶ ᠯᠢᠨ ᠬᠥ᠋ ᠵᠣᠴᠢᠳ ᠤᠨ ᠪᠠᠭᠤᠳᠠᠯ᠂ ᠾᠧ ᠴᠢ ᠵᠣᠴᠢᠳ ᠤᠨ ᠪᠠᠭᠤᠳᠠᠯ᠂ ᠬᠤᠤ ᠺᠧ ᠵᠣᠴᠢᠳ ᠤᠨ ᠪᠠᠭᠤᠳᠠᠯ ᠢ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠭᠦᠨᠵᠡᠭᠡᠶᠢᠷᠡᠵᠦ᠂ ᠲᠤᠰᠠᠭᠠᠷᠯᠠᠬᠤ ᠴᠡᠭ ᠢ ᠬᠠᠮᠢᠶᠠᠷᠤᠨ ᠡᠵᠡᠮᠳᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃    ᠲᠥᠪᠯᠡᠷᠡᠭᠦᠯᠦᠨ ᠲᠤᠰᠠᠭᠠᠷᠯᠠᠬᠤ ᠴᠡᠭ ᠪᠣᠯᠬᠤ ᠪᠦᠷᠢ ᠹᠠᠩ ᠷᠦᠢ ᠲᠤᠰᠠᠭᠠᠷᠯᠠᠬᠤ ᠴᠡᠭ ᠤᠨ ᠳᠠᠷᠤᠭ᠎ᠠ ᠲᠠᠢ ᠭᠦᠨᠵᠡᠭᠡᠶ ᠶᠠᠷᠢᠯᠴᠠᠵᠤ᠂ ᠠᠵᠢᠯ ᠠᠮᠢᠳᠤᠷᠠᠯ᠂ ᠲᠤᠰᠠᠭᠠᠷᠯᠠᠬᠤ ᠴᠡᠭ ᠤᠨ ᠡᠳ᠋ ᠪᠣᠳᠠᠰ ᠤᠨ ᠨᠥᠭᠡᠴᠡ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠮᠴᠢ ᠰᠤᠪᠢᠯᠠᠭᠴᠢᠳ ᠲᠤ ᠠᠵᠢᠯ ᠤᠨ ᠪᠠᠶᠢᠷᠢ ᠪᠠᠨ ᠪᠠᠲᠤ ᠰᠠᠬᠢᠬᠤ ᠶᠢᠨ ᠬᠠᠮᠲᠤ ᠪᠡᠶ᠎ᠡ ᠪᠠᠨ ᠰᠠᠶᠢᠲᠤᠷ ᠬᠠᠮᠠᠭᠠᠯᠠᠵᠤ᠂ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠠᠩᠬᠠᠷᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃    ᠹᠠᠩ ᠷᠦᠢ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠮᠴᠢ ᠰᠤᠪᠢᠯᠠᠭᠴᠢ ᠶᠢᠨ ᠬᠠᠯᠠᠮᠵᠢᠯᠠᠯ ᠳᠤ ᠴᠠᠭ ᠲᠤᠬᠠᠶ ᠳᠤᠨᠢ ᠬᠠᠷᠢᠭᠤ ᠥᠭᠴᠦ᠂ ᠨᠠᠷᠢᠨ ᠨᠢᠮᠪᠠᠶ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃    ᠹᠠᠩ ᠷᠦᠢ ᠴᠢᠬᠤᠯᠠᠴᠢᠯᠠᠬᠤ ᠳᠠᠭᠠᠨ᠂ ᠠᠨᠠᠭᠠᠬᠤ ᠤᠬᠠᠭᠠᠨ ᠤ ᠠᠵᠢᠭᠯᠠᠯᠲᠠ ᠶᠢ ᠲᠥᠪᠯᠡᠷᠡᠭᠦᠯᠦᠨ ᠲᠤᠰᠠᠭᠠᠷᠯᠠᠬᠤ ᠪᠣᠯ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠭᠤᠭᠴᠤᠭ᠎ᠠ ᠪᠠ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠲᠤᠰᠠᠭᠠᠷᠯᠠᠵᠤ ᠬᠠᠮᠢᠶᠠᠷᠤᠨ ᠡᠵᠡᠮᠳᠡᠬᠦ ᠡᠯ᠎ᠡ ᠵᠦᠢᠯ  ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠲᠤᠰᠠᠭᠠᠷᠯᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠵᠦ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠤ ᠬᠠᠷᠠᠴᠢᠨ ᠳᠤ ᠪᠤᠴᠠᠭᠰᠠᠳ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠠᠮᠢᠶᠠᠷᠤᠯᠲᠠ ᠶᠢ ᠴᠢᠩᠭᠠᠳᠬᠠᠵᠤ᠂ ᠢᠯᠠᠩᠭᠤᠶ᠎ᠠ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠡᠷᠬᠡᠪᠰᠢ ᠲᠣᠭᠲᠠᠭᠠᠯ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠳᠡᠭᠡᠭᠰᠢ ᠮᠡᠳᠡᠭᠦᠯᠵᠦ᠂ ᠮᠡᠳᠡᠭᠦᠯᠬᠦ ᠥᠬᠡᠶ ᠨᠢᠭᠤᠬᠤ᠂ ᠪᠤᠷᠤᠭᠤ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ ᠪᠠ ᠤᠳᠠᠭᠠᠰᠢᠷᠠᠭᠤᠯᠤᠨ ᠮᠡᠳᠡᠭᠦᠯᠬᠦ ᠶᠢ ᠡᠷᠡᠰ ᠬᠤᠷᠢᠭᠯᠠᠬᠤ ᠬᠡᠷᠡᠭᠲᠡᠶ᠃ ᠠᠷᠢᠭᠤᠳᠬᠠᠬᠤ ᠪᠠ ᠠᠷᠤ ᠲᠠᠯ᠎ᠠ ᠶᠢᠨ ᠦᠢᠯᠡᠴᠢᠯᠡᠭᠡᠨ ᠤ ᠡᠳ᠋ ᠪᠣᠳᠠᠰ ᠤᠨ ᠬᠠᠩᠭᠠᠯᠭ᠎ᠠ ᠶᠢ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠬᠥᠮᠦᠰ ᠤᠨ ᠬᠠᠮᠠᠭᠠᠯᠠᠯᠲᠠ ᠶᠢᠨ ᠬᠤᠪᠴᠠᠰᠤ᠂ ᠬᠠᠮᠠᠭᠠᠯᠠᠯᠲᠠ ᠶᠢᠨ ᠪᠡᠭᠡᠯᠡᠶ ᠶᠢ ᠭᠦᠢᠴᠡᠳ ᠳᠣᠭᠢᠷᠠᠭᠤᠯᠤᠨ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠵᠢᠷᠤᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠳᠤ ᠡᠷᠡᠰ ᠢᠯᠠᠯᠲᠠ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号