ᠨᠢᠤ ᠵᠢᠶᠠ ᠢᠩᠽᠢ ᠪᠠᠯᠭᠠᠰᠤ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠬᠡᠯᠪᠡᠷᠢ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2022/6/21
ᠨᠢᠤ ᠵᠢᠶᠠ ᠢᠩᠽᠢ ᠪᠠᠯᠭᠠᠰᠤ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠬᠡᠯᠪᠡᠷᠢ ᠪᠠᠷ ᠥᠷᠨᠢᠭᠦᠯᠪᠡ    ᠣᠶᠢᠷ᠎ᠠ ᠶᠢᠨ ᠡᠳᠦᠷ ᠤᠳ ᠲᠤ᠂ ᠨᠢᠦ ᠵᠢᠶᠠ ᠢᠩᠽᠢ ᠪᠠᠯᠭᠠᠰᠤ ᠰᠦᠯᠵᠢᠶᠡᠨ ᠳᠡᠭᠡᠷ᠎ᠡ᠂ ᠰᠦᠯᠵᠢᠶᠡᠨ ᠠᠴᠠ ᠭᠠᠳᠠᠭᠤᠷᠬᠢ ᠣᠯᠠᠨ ᠵᠦᠢᠯ ᠤᠨ ᠬᠡᠯᠪᠡᠷᠢ ᠪᠠᠷ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠰᠦᠯᠵᠢᠶᠡᠨ ᠳᠡᠭᠡᠷ᠎ᠡ ︽ᠪᠣᠭᠤᠮᠲᠠ ᠶᠢᠨ ᠭᠠᠳᠠᠨᠠᠬᠢ ᠡᠮ ᠤᠨ ᠰᠢᠶᠠᠩ ᠤᠨ ᠨᠢᠤ ᠵᠢᠶᠠ ᠢᠩᠽᠢ ︾ ᠶᠢᠨ ᠨᠡᠶᠢᠲᠡ ᠶᠢᠨ ᠳ᠋ᠤᠭᠠᠷ ᠲᠤ ᠲᠦᠰᠢᠭᠯᠡᠨ᠂ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠸᠢᠴᠠᠲ ᠤᠨ ᠪᠦᠯᠦᠭ᠂ ᠨᠠᠶᠢᠵᠠ ᠶᠢᠨ ᠲᠣᠭᠤᠷᠢᠭ ᠵᠡᠷᠭᠡ ᠲᠠᠪᠴᠠᠩ ᠨᠢ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠮᠡᠳᠡᠯᠭᠡ ᠵᠢᠴᠢ ᠬᠤᠰᠢᠭᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠷᠯᠠᠨ ᠨᠡᠶᠢᠲᠡᠯᠡᠬᠦ᠂ ᠮᠡᠬᠡᠯᠡᠯ ᠢ ᠡᠰᠡᠷᠭᠦᠴᠡᠬᠦ ᠵᠢᠵᠢᠭ ᠸᠢᠳᠢᠣ᠋᠂ ᠮᠡᠬᠡᠯᠡᠯ ᠢ ᠰᠡᠷᠭᠡᠶᠢᠯᠡᠬᠦ ᠱᠤᠭ ᠵᠢᠷᠤᠭ ᠵᠡᠷᠭᠡ ᠶᠢ ᠦᠷᠭᠦᠯᠵᠢᠯᠡᠨ ᠬᠦᠷᠭᠡᠵᠦ᠂ ᠰᠦᠯᠵᠢᠶᠡᠨ ᠤ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠠᠩ ᠰᠠᠶᠢᠲᠤᠷ ᠬᠥᠲᠥᠯᠦᠨ ᠵᠢᠯᠣᠭᠤᠳᠴᠤ᠂ ᠥᠪᠡᠷ ᠤᠨ ︽ᠵᠣᠭᠤᠰᠣᠨ ᠤᠭᠤᠲᠠ︾ ᠪᠠᠨ ᠰᠠᠶᠢᠲᠤᠷ ᠰᠠᠬᠢᠨ ᠬᠠᠮᠠᠭᠠᠯᠠᠵᠤ᠂ ᠮᠡᠬᠡᠯᠡᠭᠳᠡᠬᠦ ᠡᠴᠡ ᠰᠡᠷᠭᠡᠢᠯᠡᠬᠦ ᠬᠡᠷᠡᠭᠲᠡᠢ ᠃    ᠰᠦᠯᠵᠢᠶᠡᠨ ᠭᠠᠳᠠᠨ᠎ᠠ ᠵᠠᠷᠯᠠᠯ ᠨᠠᠭᠠᠬᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠭᠠᠷ ᠤᠭᠤᠲᠠ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠮᠡᠬᠡᠯᠡᠬᠦ ᠠᠵᠢᠯᠯᠠᠭ᠎ᠠ ᠶᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠠᠵᠢᠯᠲᠠᠳ ᠬᠠᠷᠢᠶ᠎ᠠ ᠣᠷᠣᠨ ᠤ ᠪᠠᠨ ᠬᠤᠳᠠᠯᠳᠤᠭᠠᠨ ᠤ ᠲᠣᠭᠤᠷᠢᠭ᠂ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ᠂ ᠰᠠᠭᠤᠭᠠᠯᠢ ᠠᠷᠠᠳ ᠤᠨ ᠬᠡᠷ ᠲᠤ ᠬᠦᠷᠴᠦ ᠨᠢᠭᠤᠷᠲᠠᠨ ᠤᠬᠠᠭᠤᠯᠵᠤ᠂ ᠦᠷᠭᠦᠯᠵᠢ ᠲᠣᠬᠢᠶᠠᠯᠳᠤᠳᠠᠭ ᠨᠠᠰᠤᠵᠢᠯ ᠤᠨ ᠮᠡᠬᠡᠯᠡᠯ ᠤᠨ ᠠᠷᠭ᠎ᠠ ᠵᠠᠮ᠂ ᠨᠠᠰᠤᠵᠢᠯ ᠤᠨ ᠮᠡᠬᠡᠯᠡᠯ ᠤᠨ ᠵᠢᠱᠢᠶ᠎ᠡ ᠶᠢ ᠨᠠᠷᠢᠨ ᠲᠠᠶᠢᠯᠪᠤᠷᠢᠯᠠᠵᠤ᠂ ᠬᠥᠮᠦᠰ ᠲᠤ ︽ᠪᠠᠩᠬᠢ ᠶᠢᠨ ᠺᠠᠷᠲ ᠤᠨ ᠨᠢᠭᠤᠴᠠ ᠨᠣᠮᠧᠷ ᠢ ᠵᠠᠳᠠᠷᠠᠭᠤᠯᠬᠤ ᠥᠬᠡᠶ᠂ ᠲᠠᠨᠢᠯ ᠪᠤᠰᠤ ᠤᠲᠠᠰᠤ ᠶᠢ ᠠᠮᠠᠷᠬᠠᠨ ᠢᠲᠡᠭᠡᠬᠦ ᠥᠬᠡᠶ᠂ ᠴᠥᠷᠬᠡᠯᠡᠭᠡ ᠲᠠᠢ ᠣᠬᠤᠷ ᠮᠡᠳᠡᠭᠡ ᠶᠢ ᠡᠷᠦᠶ ᠬᠤᠷᠤᠶ ᠥᠬᠡᠶ ᠳᠠᠷᠤᠬᠤ ᠥᠬᠡᠶ︾ ᠪᠠᠶᠢᠬᠤ ᠶᠢ ᠰᠠᠨᠠᠭᠤᠯᠵᠤ ᠪᠠᠶᠢᠨ᠎ᠠ᠃    ᠲᠣᠣᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ᠂ ᠰᠠᠶᠢᠨ ᠳᠤᠷ᠎ᠠ ᠶᠢᠨ ᠠᠵᠢᠯᠯᠠᠭᠴᠢ᠂ ᠰᠦᠯᠵᠢᠶᠡᠨ ᠤ ᠠᠵᠢᠯᠲᠠᠨ ᠵᠡᠷᠭᠡ ᠬᠦᠴᠦᠨ ᠢ ᠭᠦᠢᠴᠡᠳ ᠪᠠᠳᠠᠷᠠᠭᠤᠯᠵᠤ᠂ ᠲᠠᠶᠢᠯᠤᠮᠵᠢ᠂ ᠶᠠᠷᠢᠯᠴᠠᠬᠤ ᠬᠤᠷᠠᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠨᠠᠰᠤᠵᠢᠯ ᠤᠨ ᠮᠡᠬᠡᠯᠡᠯ ᠤᠨ ᠪᠠᠶᠢᠩᠭᠤ ᠲᠣᠬᠢᠶᠠᠯᠳᠤᠬᠤ ᠬᠡᠯᠪᠡᠷᠢ ᠶᠢ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠪᠠᠷ ᠣᠶᠢᠯᠠᠭᠠᠬᠤ᠂ ᠲᠤᠰᠬᠠᠶ ᠮᠡᠷᠭᠡᠵᠢᠯᠲᠡᠨ ᠤ ᠲᠠᠶᠢᠯᠤᠮᠵᠢ ᠬᠢᠬᠦ᠂ ᠡᠮ ᠤᠤᠭᠤᠪᠠᠯ ᠡᠪᠡᠳᠴᠢᠨ ᠨᠢ ᠠᠷᠢᠯᠬᠤ ᠵᠡᠷᠭᠡ ᠡᠷᠡᠭᠦᠯᠵᠢᠯ ᠤᠨ ᠡᠳ᠋ ᠤᠨ ᠬᠡᠷᠡᠭᠯᠡᠭᠡᠨ ᠤ ᠮᠡᠭᠡ ᠶᠢ ᠠᠮᠠᠷᠬᠠᠨ ᠢᠲᠡᠭᠡᠵᠦ ᠪᠣᠯᠬᠤ ᠥᠬᠡᠶ ᠭᠡᠵᠦ ᠰᠠᠨᠠᠭᠤᠯᠵᠤ᠂ ᠨᠠᠰᠤᠲᠠᠶᠢᠴᠤᠳ ᠤᠨ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯᠵᠢᠯ ᠤᠨ ᠢᠳᠡᠭᠡᠨ ᠢ ᠵᠥᠪ ᠲᠠᠨᠢᠭᠤᠯᠵᠤ᠂ ᠣᠯᠠᠨ ᠢᠶᠠᠷ ᠢᠶᠠᠨ ᠰᠢᠨᠵᠢᠯᠡᠬᠦ ᠤᠬᠠᠭᠠᠨᠴᠢ ᠪᠠᠷ ᠂ ᠣᠶᠤᠨᠴᠢ ᠪᠠᠷ ᠬᠡᠷᠡᠭᠯᠡᠭᠡ ᠬᠢᠵᠦ᠂ ᠥᠪᠡᠷ ᠤᠨ ᠨᠠᠰᠤᠵᠢᠯ ᠤᠨ ᠠᠰᠠᠷᠠᠮᠵᠢ ᠶᠢᠨ ᠵᠣᠭᠤᠰ ᠢᠶᠠᠨ ᠰᠠᠶᠢᠲᠤᠷ ᠬᠠᠮᠠᠭᠠᠯᠠᠬᠤ ᠶᠢ ᠵᠣᠷᠢᠭᠵᠢᠭᠤᠯᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号