ᠸᠠᠩ ᠤᠨ ᠣᠷᠳᠣᠨ ᠤ ᠠᠷᠤ ᠳᠠᠬᠢ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠄ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠠᠪᠤᠭᠳᠠᠵᠤ ᠪᠠᠢᠨ᠎ᠠ
ᠨᠡᠶᠢᠲᠡᠯᠡᠭᠰᠡᠨ ᠴᠠᠭ᠄
2022/6/21
ᠸᠠᠩ ᠤᠨ ᠣᠷᠳᠣᠨ ᠤ ᠠᠷᠤ ᠳᠠᠬᠢ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠄ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠠᠪᠤᠭᠳᠠᠵᠤ ᠪᠠᠢᠨ᠎ᠠ    ᠬᠠᠷᠠᠴᠢᠨ ᠬᠤᠰᠢᠭᠤᠨ ᠳᠤ ᠴᠢᠨ ᠸᠠᠩ ᠤᠨ ᠣᠷᠳᠣᠨ᠂ ᠯᠦᠩ ᠴᠢᠤᠸᠠᠨ ᠰᠧ ᠰᠦᠮ᠎ᠡ᠂ ᠯᠢᠩ ᠶᠤᠸᠠᠢ ᠰᠧ ᠰᠦᠮ᠎ᠡ᠂ ᠺᠠᠩ ᠨᠢᠩ ᠰᠧ ᠰᠦᠮ᠎ᠡ᠂ ᠹᠦ᠋ ᠬᠤᠶ ᠰᠧ ᠰᠦᠮ᠎ᠡ᠂ ᠰᠠᠨ ᠳ᠋ᠧ ᠭᠤᠸᠠᠨ ᠢᠶᠠᠷ ᠲᠥᠯᠥᠭᠡᠯᠡᠭᠦᠯᠦᠭᠰᠡᠨ ᠶᠤᠸᠠᠨ᠂ ᠴᠢᠩ ᠤᠯᠤᠰ ᠤᠨ ᠦᠶ᠎ᠡ ᠶᠢᠨ ᠰᠣᠶᠣᠯ ᠤᠨ ᠥᠪᠡᠷᠮᠢᠴᠡ ᠣᠨᠴᠠᠯᠢᠭ ᠲᠠᠢ ᠶᠤᠮ᠃ ᠬᠠᠷᠠᠴᠢᠨ ᠴᠢᠨ ᠸᠠᠩ ᠤᠨ ᠣᠷᠳᠣᠨ ᠪᠣᠯ ᠤᠯᠤᠰ ᠤᠨ ᠳᠣᠲᠣᠭᠠᠳᠤ ᠳᠤ ᠣᠳᠣ ᠦᠯᠡᠳᠡᠵᠦ ᠪᠠᠶᠢᠭ᠎ᠠ ᠵᠠᠰᠠᠭ ᠤᠨ ᠣᠷᠳᠣᠨ ᠪᠠᠶᠢᠭᠤᠯᠤᠭᠰᠠᠨ ᠴᠠᠭ ᠨᠢ ᠬᠠᠮᠤᠭ ᠡᠷᠲᠡ᠂ ᠵᠡᠷᠭᠡ ᠬᠡᠷᠭᠡᠮ ᠨᠢ ᠬᠠᠮᠤᠭ ᠥᠨᠳᠥᠷ᠂ ᠪᠠᠷᠢᠯᠭ᠎ᠠ ᠶᠢᠨ ᠲᠠᠯᠠᠪᠠᠶ ᠨᠢ ᠬᠠᠮᠤᠭ ᠶᠡᠭᠡ᠂ ᠣᠳᠣᠬᠢ ᠬᠠᠮᠤᠭ ᠰᠠᠶᠢᠨ ᠬᠠᠳᠠᠭᠠᠯᠠᠭᠳᠠᠵᠤ ᠪᠠᠶᠢᠭ᠎ᠠ ᠴᠢᠩ ᠤᠯᠤᠰ ᠤᠨ ᠦᠶ᠎ᠡ ᠶᠢᠨ ᠮᠣᠩᠭᠤᠯ ᠸᠠᠩ ᠤᠨ ᠣᠷᠳᠣᠨ ᠪᠣᠯᠤᠨ᠎ᠠ᠃ ᠣᠶᠢᠷ᠎ᠠ ᠳᠤ᠂ ᠰᠤᠷᠪᠤᠯᠵᠢᠯᠠᠭᠴᠢ ᠬᠠᠷᠠᠴᠢᠨ ᠴᠢᠨ ᠸᠠᠩ ᠤᠨ ᠣᠷᠳᠣᠨ ᠤ ᠠᠷᠤ ᠶᠢᠨ ᠴᠡᠴᠡᠷᠯᠢᠭ ᠲᠤ ᠬᠦᠷᠴᠦ᠂ ᠡᠨᠳᠡ ᠲᠦᠷᠦᠯ ᠵᠦᠢᠯ ᠦᠨ ᠥᠭᠡᠷᠡᠴᠢᠯᠡᠨ ᠳᠡᠪᠰᠢᠭᠦᠯᠬᠦ ᠢᠨᠵᠧᠨᠧᠷᠢᠩ ᠬᠢᠵᠦ ᠪᠠᠢᠭ᠎ᠠ ᠶᠢ ᠬᠠᠷᠠᠪᠠ ᠃ ᠲᠦᠷᠦᠯ ᠵᠦᠢᠯᠡᠰ ᠤᠨ ᠪᠠᠷᠢᠯᠭ᠎ᠠ ᠶᠢᠨ ᠲᠠᠯᠠᠪᠠᠢ ᠳᠤ ᠣᠷᠣᠬᠤ ᠳᠤ᠂ ᠶᠠᠭᠠᠷᠠᠯᠲᠠᠢ ᠪᠠᠶᠢᠳᠠᠯ ᠭᠠᠵᠠᠷ ᠪᠣᠯᠭᠠᠨ ᠳᠤ ᠬᠠᠷᠠᠭᠳᠠᠨ᠎ᠠ᠃    ︽ ᠣᠳᠣᠬᠠᠨ ᠳᠤ ᠸᠠᠩ ᠤᠨ ᠣᠷᠳᠣᠨ ᠤ ᠠᠷᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ ᠤᠨ ᠬᠤᠴᠢᠯᠭ᠎ᠠ ᠪᠣᠯᠤᠨ ᠬᠤᠸᠠᠷ ᠴᠡᠴᠡᠭ ᠠᠴᠠ ᠪᠤᠰᠤᠳ ᠭᠠᠵᠠᠷ ᠢ ᠦᠨᠳᠦᠰᠦᠨ ᠳᠡᠭᠡᠨ ᠳᠠᠭᠤᠰᠬᠠᠵᠤ᠂ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠡᠷᠲᠡᠨ ᠤ ᠪᠦᠲᠦᠭᠡᠨ ᠪᠠᠶᠢᠭᠤᠯᠤᠯᠲᠠ ᠶᠢ ᠵᠠᠰᠠᠨ ᠰᠡᠷᠭᠦᠭᠡᠬᠦ ᠠᠵᠢᠯ ᠢ ᠶᠠᠭ ᠬᠢᠵᠦ ᠪᠠᠶᠢᠨ᠎ᠠ᠂ ᠡᠷᠲᠡᠨ ᠤ ᠪᠦᠲᠦᠭᠡᠨ ᠪᠠᠶᠢᠭᠤᠯᠤᠯᠲᠠ ᠶᠢᠨ ᠳᠣᠲᠣᠷᠠᠬᠢ ᠦᠵᠡᠭᠦᠯᠦᠯᠭᠡ ᠶᠢᠨ ᠲᠢᠩᠬᠢᠮ ᠢ ᠤᠳᠠᠯ ᠦᠭᠡᠶ ᠲᠠᠯᠠᠪᠠᠶ ᠳᠤ ᠣᠷᠣᠭᠤᠯᠵᠤ᠂ 10 ᠰᠠᠷ᠎ᠠ ᠶᠢᠨ 1 ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠵᠢᠱᠢᠵᠦ ᠪᠠᠶᠢᠨ᠎ᠠ︾᠃ ᠭᠡᠵᠦ ᠸᠠᠩ ᠤᠨ ᠣᠷᠳᠣᠨ ᠤ ᠠᠷᠤ ᠳᠠᠬᠢ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠤᠨ ᠲᠤᠬᠠᠢ ᠶᠢᠨ ᠲᠠᠯᠠᠪᠠᠢ ᠶᠢᠨ ᠠᠵᠢᠯ ᠤᠨ ᠳᠠᠷᠤᠭ᠎ᠠ ᠦ᠋ ᠳ᠋ᠧᠩ ᠹᠧᠩ ᠰᠤᠷᠪᠤᠯᠵᠢᠯᠠᠭᠴᠢ ᠳᠤ ᠬᠡᠯᠡᠪᠡ     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠸᠠᠩ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1.09 ᠳ᠋ᠦᠩᠰᠢᠭᠤᠷ ᠲᠥᠭᠦᠷᠢᠭ ᠪᠠᠶᠢᠵᠤ᠂ ᠭᠤᠷᠪᠠᠨ ᠬᠤᠭᠤᠴᠠᠭᠠᠨ ᠤ ᠢᠨᠵᠧᠨᠧᠷᠢᠩ ᠬᠤᠪᠢᠶᠠᠨ ᠬᠡᠷᠡᠭᠵᠢᠭᠦᠯᠬᠦ ᠪᠠᠷ ᠲᠥᠯᠥᠪᠯᠡᠵᠦ ᠪᠣᠶ᠃ 2022 ᠣᠨ ᠳᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠡᠬᠢᠯᠡᠭᠦᠯᠵᠦ᠂ 2023 ᠣᠨ ᠳᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠶᠢ ᠥᠩᠭᠡᠷᠡᠭᠡᠭᠰᠡᠨ ᠤ ᠳᠠᠷᠠᠭ᠎ᠠ ᠵᠡᠭᠡᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠦᠨ᠎ᠡ᠃ ᠸᠠᠩ ᠤᠨ ᠣᠷᠳᠣᠨ ᠤ ᠠᠷᠤ ᠶᠢᠨ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠪᠣᠯ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠸᠠᠩ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠰᠢᠨ᠎ᠡ ᠪᠠᠷ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠳᠣᠲᠣᠷᠠᠬᠢ ᠨᠢᠭᠡ ᠬᠤᠪᠢᠶᠠᠷᠢ ᠲᠥᠷᠥᠯ ᠵᠦᠢᠯ ᠪᠣᠯᠤᠨ᠎ᠠ᠃ ᠣᠳᠣᠬᠠᠨ ᠳᠤ᠂ ᠲᠣᠰ ᠲᠥᠷᠥᠯ ᠵᠦᠢᠯ ᠢ ᠶᠠᠭ ᠶᠠᠭᠠᠷᠠᠯᠲᠠᠶ ᠪᠠᠶᠢᠭᠤᠯᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ 10 ᠰᠠᠷ᠎ᠠ ᠶᠢᠨ 1 ᠤ ᠡᠳᠦᠷ ᠠᠴᠠ ᠡᠮᠦᠨ᠎ᠡ ᠪᠠᠷᠢᠵᠤ ᠳᠠᠭᠤᠰᠬᠠᠨ᠎ᠠ᠃    ︽ᠸᠠᠩ ᠤᠨ ᠣᠷᠳᠣᠨ ᠤ ᠠᠷᠤ ᠳᠠᠬᠢ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠨᠢ ︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ﹀ ᠪᠠᠷ ᠭᠤᠣᠯ ᠵᠣᠷᠢᠯᠲᠠ ᠪᠣᠯᠭᠠᠵᠤ᠂ ᠳᠤᠮᠳᠠᠳᠤ ᠤᠯᠤᠰ ᠤᠨ ᠡᠷᠲᠡᠨ ᠤ ᠥᠩᠭᠡ ᠦᠵᠡᠮᠵᠢ ᠶᠢᠨ ᠣᠨᠴᠠᠯᠢᠭ ᠲᠠᠢ ᠴᠡᠴᠡᠷᠯᠢᠭ ᠢ ᠪᠤᠶ ᠪᠣᠯᠭᠠᠬᠤ ᠪᠠᠷ ᠬᠠᠷᠠᠯᠲᠠ ᠪᠣᠯᠭᠠᠵᠤ᠂ ᠪᠦᠬᠦ᠋ᠢᠯᠡ ᠴᠡᠴᠡᠷᠯᠢᠭ ᠤᠨ ᠠᠮᠢ ᠠᠬᠤᠶ ᠶᠢᠨ ᠦᠵᠡᠮᠵᠢ᠂ ᠠᠭᠤᠯᠠ ᠴᠢᠯᠠᠭᠤᠨ ᠤ ᠦᠵᠡᠮᠵᠢ᠂ ᠤᠰᠤᠨ ᠰᠢᠰᠲ᠋ᠧᠮ ᠤᠨ ᠦᠵᠡᠮᠵᠢ ᠶᠢ ᠵᠢᠷᠤᠵᠤ ᠲᠥᠯᠥᠪᠯᠡᠬᠦ ᠪᠠ ᠪᠤᠶ ᠪᠣᠯᠭᠠᠬᠤ ᠵᠢᠴᠢ ᠬᠤᠯᠪᠣᠭᠳᠠᠯ ᠪᠦᠬᠦᠢ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠬᠦᠭᠡᠷᠦᠮᠵᠢ᠂ ᠲᠣᠭᠠᠨ ᠤ ᠳᠤᠮᠳᠠ ᠡᠵᠡᠮᠳᠡᠯ ᠤᠨ ᠰᠢᠰᠲ᠋ᠧᠮ᠂ ᠴᠡᠴᠡᠷᠯᠢᠭ ᠤᠨ ᠵᠠᠮ᠂ ᠭᠡᠷᠡᠯᠲᠦᠭᠦᠯᠭᠡ ᠶᠢᠨ ᠳ᠋ᠧᠩ ᠤᠨ ᠭᠡᠷᠡᠯ᠂ ᠴᠢᠮᠡᠭᠯᠡᠯ ᠤᠨ ᠳ᠋ᠧᠩ ᠤᠨ ᠭᠡᠷᠡᠯ᠂ ᠤᠰᠤᠯᠠᠯᠲᠠ ᠶᠢᠨ ᠰᠢᠰᠲ᠋ᠧᠮ᠂ ᠠᠶᠤᠯ ᠦᠭᠡᠶ ᠶᠢᠨ ᠬᠢᠨᠠᠨ ᠬᠠᠮᠢᠶᠠᠷᠤᠯᠲᠠ ᠶᠢᠨ ᠰᠢᠰᠲ᠋ᠧᠮ᠂ ᠬᠠᠷᠠᠭᠠᠨ ᠤ ᠵᠠᠮᠴᠢᠯᠠᠯ ᠤᠨ ᠰᠢᠰᠲ᠋ᠧᠮ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠦᠨ᠎ᠡ︾ ᠭᠡᠵᠦ ᠸᠠᠩ ᠶᠧ ᠹᠦ᠋ ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ ᠲᠠᠩ ᡁᠢ ᠴᠢᠶᠠᠩ ᠬᠡᠯᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号