ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/21
ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠪᠠᠢᠴᠠᠭᠠᠨ ᠰᠤᠳᠤᠯᠤᠯᠲᠠ ᠬᠢᠪᠡ    6 ᠰᠠᠷ᠎ᠠ ᠶᠢᠨ 20 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠤᠤ ᠰᠢ ᠬᠤᠸᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ︽ᠤᠯᠠᠭᠠᠨᠬᠠᠳᠠ ᠬᠤᠲᠠ ᠶᠢᠨ ᠪᠣᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ ︵ᠲᠥᠰᠦᠯ︶︾ ᠤᠨ ᠲᠤᠬᠠᠶ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠢᠶᠠᠩ ᠶᠠᠩ ᠨᠡᠶᠢᠭᠡᠮ ᠲᠣᠭᠤᠷᠢᠭ ᠪᠠ ᠬᠤ ᠪᠢᠨ ᠨᠡᠶᠢᠭᠡᠮ ᠲᠣᠭᠤᠷᠢᠭ ᠲᠤ ᠬᠦᠷᠴᠦ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠠᠵᠠᠷ᠂ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠬᠤᠰᠢᠭᠤᠨ ᠤ ᠪᠣᠯᠪᠠᠰᠤᠨ ᠤ  ᠦᠢᠯᠡᠳᠦᠯᠭᠡ ᠶᠢᠨ ᠠᠵᠢᠯ ᠢ ᠠᠬᠢᠭᠤᠯᠤᠭᠰᠠᠨ ᠪᠠ ᠪᠣᠯᠪᠠᠰᠤᠨ ᠤ  ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠵᠡᠷᠭᠡ ᠬᠠᠮᠢᠶ᠎ᠠ ᠪᠥᠬᠦᠶ ᠪᠠᠶᠢᠳᠠᠯ ᠢ ᠣᠶᠢᠯᠠᠭᠠᠪᠠ᠃    ᠰᠠᠭᠤᠳᠠᠯ ᠤᠨ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠪᠣᠯᠪᠠᠰᠤᠨ ᠤ ᠠᠵᠢᠯᠯᠠᠭ᠎ᠠ ᠶᠢ ᠠᠬᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠦᠷᠢᠮ ︵ᠲᠥᠰᠦᠯ︶ ᠳᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃    ᠤᠯᠠᠨ ᠢᠶᠠᠷ ᠢᠶᠠᠨ᠂ ᠪᠣᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ ᠢ ᠲᠣᠭᠲᠠᠭᠠᠬᠤ ᠨᠢ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠤᠳᠠ ᠶᠢᠨ ᠵᠠᠰᠠᠯᠲᠠ ᠶᠢᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︔ ᠣᠷᠣᠨ ᠨᠤᠲᠤᠭ ᠤᠨ ᠬᠠᠤᠯᠢ ᠲᠣᠭᠲᠠᠭᠠᠬᠤ ᠬᠡᠯᠪᠡᠷᠢ ᠪᠠᠷ ᠳᠠᠮᠵᠢᠭᠤᠯᠤᠨ ᠠᠷᠠᠳ ᠢᠷᠭᠡᠳ ᠤᠨ ᠦᠢᠯᠡ ᠠᠵᠢᠯᠯᠠᠭ᠎ᠠ ᠶᠢ ᠬᠦᠴᠦᠲᠡᠶ ᠬᠥᠲᠥᠯᠥᠨ ᠵᠢᠯᠣᠭᠤᠳᠴᠤ᠂ ᠵᠢᠷᠤᠮᠵᠢᠭᠤᠯᠵᠤ᠂ ᠬᠤᠳᠠ ᠶᠢᠨ ᠪᠣᠯᠪᠠᠰᠤᠨ ᠤ ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠬᠠᠤᠯᠢᠵᠢᠭᠤᠯᠬᠤ ᠪᠠ ᠵᠢᠷᠤᠮᠵᠢᠭᠤᠯᠬᠤ ᠶᠢ ᠪᠡᠶᠡᠯᠡᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ︽ᠤᠯᠠᠭᠠᠨᠬᠠᠳᠠ ᠬᠤᠲᠠ ᠶᠢᠨ ᠪᠣᠯᠪᠠᠰᠤᠨ ᠤ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ ︵ᠲᠥᠰᠦᠯ︶︾ ᠪᠣᠯ ᠮᠠᠨ ᠤ ᠬᠤᠲᠠ ᠶᠢᠨ ᠰᠠᠭᠤᠭᠠᠯᠢ ᠠᠷᠠᠳ ᠤᠨ ᠪᠣᠯᠪᠠᠰᠤᠨ ᠤ ᠦᠢᠯᠡ ᠠᠵᠢᠯᠯᠠᠭ᠎ᠠ ᠶᠢ ᠰᠠᠨᠠᠭᠠᠴᠢᠯᠠᠬᠤ᠂ ᠰᠠᠭᠤᠭᠠᠯᠢ ᠠᠷᠠᠳ ᠤᠨ ᠨᠡᠶᠢᠲᠡ ᠶᠢᠨ ᠶᠣᠰᠣ ᠮᠣᠷᠠᠯ ᠤᠨ ᠬᠢᠷᠢ ᠲᠦᠪᠰᠢᠨ ᠵᠢᠴᠢ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠭᠦᠨ ᠤ ᠬᠠᠮᠲᠤ ᠪᠠᠰᠠ ᠮᠠᠨ ᠤ ᠬᠤᠲᠠ ᠶᠢᠨ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠠᠲᠤ ᠪᠣᠶ ᠪᠣᠯᠭᠠᠬᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠶᠢᠵᠢᠭᠤᠯᠬᠤ ᠶᠢ ᠠᠬᠢᠭᠤᠯᠬᠤ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠰᠢᠩᠭᠡᠭᠡᠨ ᠬᠤᠷᠢᠶᠠᠩᠭᠤᠶᠢᠯᠠᠵᠤ᠂ ᠡᠯ᠎ᠡ ᠵᠦᠢᠯ ᠤᠨ ᠵᠦᠢᠯ ᠪᠠᠳᠠᠭ ᠢ ᠤᠯᠠᠮ ᠨᠢᠭᠡ ᠠᠯᠬᠤᠮ ᠨᠥᠬᠦᠪᠥᠷᠢᠯᠡᠨ ᠲᠡᠭᠦᠯᠳᠡᠷᠵᠢᠭᠦᠯᠵᠦ᠂ ᠲᠦᠷᠢᠮ ᠢ ᠨᠠᠩ ᠢᠯᠡᠭᠦᠤ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠵᠤ᠂ ᠪᠥᠬᠦ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠨᠠᠩ ᠪᠦᠲᠦᠮᠵᠢᠲᠡᠶ ᠪᠠᠷ ᠳᠥᠯᠭᠢᠨ ᠠᠬᠢᠭᠤᠯᠬᠤ ᠪᠣᠯᠤᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号