ᠮᠠᠨ ᠤ ᠬᠤᠰᠢᠭᠤ ᠠᠶᠤᠯᠭᠦᠶ ᠦᠶ᠋ᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ | 6 ᠰᠠᠷ᠎ᠠ ᠶᠢᠨ 20 ᠤ ᠦᠳᠡ ᠶᠢᠨ ᠬᠤᠶᠢᠨ᠎ᠠ᠂ | ᠬᠤᠰᠢᠭᠤᠨ ᠤ ᠨᠠᠮ ᠤᠨ ᠬᠤᠷᠢᠶᠠᠨ ᠤ ᠱᠦᠵᠢ | ᠹᠠᠩ ᠷᠦᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠠᠷᠠᠴᠢᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠬᠤᠷᠢᠶᠠᠨ ᠤ | 22 ᠳ᠋ᠤᠭᠠᠷ ᠤᠳᠠᠭᠠᠨ ᠤ ᠪᠠᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ | ᠬᠤᠷᠠᠯᠳᠤᠭᠤᠯᠵᠤ᠂ ᠪᠦᠭᠦ ᠬᠤᠰᠢᠭᠤᠨ ᠤ | ᠠᠶᠤᠯᠭᠦᠶ ᠦᠢᠯᠡᠳᠪᠦᠷᠢᠯᠡᠯ᠂ ᠦᠶᠡᠷ ᠢ | ᠰᠡᠷᠭᠡᠶᠢᠯᠡᠨ ᠭᠠᠩ ᠲᠠᠢ ᠳᠡᠮᠡᠴᠡᠬᠦ ᠪᠠ | ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠠᠵᠢᠯ ᠢ ᠲᠤᠰᠬᠠᠶ | ᠰᠡᠳᠦᠪ ᠢᠶᠠᠷ ᠰᠤᠳᠤᠯᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ 4.29 ᠤ | ᠴᠠᠩᠱᠠ ᠶᠢᠨ ᠥᠪᠡᠷᠲᠡᠭᠡᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠤᠨ ᠲᠤᠬᠠᠢ ᠴᠢᠬᠤᠯᠠ ᠴᠣᠬᠤᠯᠠᠪᠤᠷᠢ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ | ᠬᠤᠳᠠ ᠶᠢᠨ ᠨᠠᠮ ᠤᠨ ᠬᠤᠷᠢᠶ᠎ᠡ ᠶᠢᠨ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠰᠢᠷᠢᠰ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠠᠢ︔ | ᠪᠥᠬᠦ ᠬᠤᠰᠢᠭᠤᠨ ᠤ ᠠᠶᠤᠯᠭᠦᠶ ᠦᠶ᠋ᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ | ︔ ᠮᠠᠨ ᠤ ᠬᠤᠰᠢᠭᠤᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ | ᠠᠶᠤᠯᠭᠦᠶ ᠦᠢᠯᠡᠳᠪᠦᠷᠢᠯᠡᠯ ᠤᠨ ᠠᠷᠪᠠᠨ ᠲᠠᠪᠤᠨ ᠴᠢᠬᠤᠯᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ 77 ᠪᠣᠳᠠᠲᠠᠶ | ᠠᠷᠭ᠎ᠠ ᠬᠡᠮᠵᠢᠶ᠎ᠡ ᠶᠢ ᠰᠤᠳᠤᠯᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ | ᠪᠥᠬᠦ ᠬᠤᠰᠢᠭᠤᠨ ᠤ ᠳᠡᠭᠡᠳᠦ ᠳᠣᠤᠷᠠᠳᠤ | ᠱᠠᠲᠤᠨ ᠤ ᠬᠢᠨ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ᠂ ᠲᠣᠰ ᠪᠡᠶ᠎ᠡ ᠶᠢᠨ | ᠡᠭᠦᠷᠭᠡ ᠬᠠᠷᠢᠭᠤᠴᠠᠯᠭ᠎ᠠ ᠳᠠᠭᠠᠨ | ᠰᠠᠭᠤᠷᠢᠯᠠᠨ᠂ ᠮᠠᠨ ᠤ ᠬᠤᠰᠢᠭᠤᠨ ᠤ | ᠨᠡᠶᠢᠲᠡᠯᠡᠭᠰᠡᠨ 77 ᠵᠤᠷᠪᠤᠰ ᠪᠣᠳᠠᠲᠠᠶ | ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ | ᠪᠥᠬᠦ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠢ | ᠯᠠᠪᠳᠠᠭᠤᠨ ᠡᠵᠡᠮᠳᠡᠵᠦ᠂ ᠬᠦᠨᠳᠦ ᠶᠡᠭᠡ ᠣᠨᠴᠠ | ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ | ᠴᠢᠩᠭᠠᠯᠠᠵᠤ᠂ ︽ᠠᠶᠤᠯᠭᠦᠶ ᠦᠶ᠋ᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ︾ ᠶᠢ | ᠨᠠᠶᠢᠳᠠᠪᠤᠷᠢᠵᠢᠭᠤᠯᠬᠤ ᠶᠢ ᠨᠢᠭᠡ ᠤᠳᠠᠭᠠᠨ ᠤ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ᠪᠣᠯᠭᠠᠵᠤ᠂ | ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ | ᠠᠩᠬᠠᠷᠴᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠲᠤᠰᠬᠠᠶ ᠵᠦᠢᠯ ᠢᠶᠠᠷ ᠪᠠᠶᠢᠴᠠᠭᠠᠬᠤ ᠶᠢ | ᠤᠶᠠᠯᠳᠤᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠪᠠ ᠲᠣᠪᠤᠶᠢᠮ᠎ᠠ ᠠᠰᠠᠭᠤᠳᠠᠯ ᠤᠨ ᠨᠠᠷᠢᠨ | ᠲᠠᠩᠰᠠ ᠶᠢ ᠪᠠᠶᠢᠭᠤᠯᠵᠤ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠵᠤ᠂ ᠠᠮᠤᠷ ᠲᠦᠪᠰᠢᠨ ᠤ ᠤᠯᠠᠭᠠᠨ ᠱᠤᠭᠤᠮ ᠤᠨ ᠬᠢᠵᠠᠭᠠᠷ ᠱᠤᠭᠤᠮ ᠢ ᠪᠠᠲᠤ ᠰᠠᠬᠢᠨ᠎ᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠥᠴᠦᠬᠡᠨ ᠴᠦ ᠠᠭᠤᠴᠢᠯᠠᠬᠤ ᠦᠭᠡᠢ︾ | ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠪᠠᠶᠢᠴᠠᠭᠠᠬᠤ ᠠᠴᠠ ᠪᠢᠰᠢ ᠬᠠᠤᠯᠢ ᠬᠡᠷᠡᠭᠵᠢᠭᠦᠯᠬᠦ ᠦᠭᠡᠢ᠂ ᠬᠠᠤᠯᠢ ᠶᠢ | ᠬᠡᠷᠡᠭᠵᠢᠭᠦᠯᠬᠦ ᠠᠴᠠ ᠪᠢᠰᠢ ᠲᠣᠷᠭᠠᠬᠤ ᠦᠭᠡᠢ ᠪᠠᠶᠢᠬᠤ ᠪᠠ ᠬᠠᠤᠯᠢ ᠶᠢ ᠬᠡᠷᠡᠭᠵᠢᠭᠦᠯᠬᠦ ᠳᠤ ︽ᠠᠭᠤᠵᠢᠮ ᠰᠤᠯᠠ | ᠵᠥᠭᠡᠯᠡᠨ︾ ᠪᠠᠶᠢᠬᠤ ᠵᠡᠷᠭᠡ ᠠᠰᠠᠭᠤᠳᠠᠯ ᠭᠠᠷᠴᠤ ᠶᠠᠭᠠᠬᠢᠭᠰᠠᠨ ᠴᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ | ᠂ ᠲᠦᠭᠰᠢᠭᠦᠷᠢᠲᠦ ᠴᠡᠭ ᠪᠠ ᠪᠠᠴᠢᠮ ᠪᠠᠶᠢᠳᠠᠯ ᠢ ᠠᠷᠭᠠᠴᠠᠬᠤ ᠲᠥᠰᠦᠪ ᠢ ᠳᠣᠲᠣᠷ᠎ᠠ ᠪᠠᠨ ᠲᠤᠭ᠎ᠠ ᠲᠠᠢ᠂ | ᠴᠡᠭᠡᠵᠢᠨ ᠳᠡᠭᠡᠨ ᠪᠣᠯᠪᠠᠰᠤᠷᠠᠩᠭᠤᠶ ᠪᠠᠶᠢᠯᠭᠠᠵᠤ᠂ ᠪᠥᠬᠦ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠶ | ᠃ ᠡᠯ᠎ᠡ ᠬᠤᠰᠢᠭᠤᠨ ᠤ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ | ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠢᠶᠠᠨ ᠴᠢᠩᠭᠠᠳᠬᠠᠵᠤ᠂ ᠡᠳ᠋ ᠪᠣᠳᠠᠰ ᠤᠨ ᠨᠥᠭᠡᠴᠡ᠂ ᠡᠩᠨᠡᠭᠡ ᠶᠢᠨ ᠪᠠᠲᠤᠯᠠᠭ᠎ᠠ᠂ | ᠪᠡᠯᠡᠳᠬᠡᠯ ᠲᠥᠰᠦᠯ ᠤᠨ ᠲᠡᠭᠦᠯᠳᠡᠷᠵᠢᠯᠲᠡ ᠶᠢ ᠦᠨᠡᠨᠬᠦ ᠰᠠᠶᠢᠲᠤᠷ ᠬᠢᠵᠦ᠂ 24 ᠴᠠᠭ ᠵᠢᠵᠢᠭᠦᠷᠯᠡᠬᠦ ᠪᠠ | ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ | ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ | |